ᠱᠤᠤ ᠪᠠᠯᠭᠠᠰᠤ ᠰᠢᠨ᠎ᠡ ᠣᠨ ᠳᠤ ᠰᠢᠨ᠎ᠡ ᠬᠠᠭᠤᠳᠠᠰᠤ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2025/1/16
       ᠱᠤᠤ ᠪᠠᠯᠭᠠᠰᠤ ︽ᠴᠡᠭ ᠢᠶᠠᠷ ᠰᠠᠭᠤᠷᠢ ᠪᠣᠯᠭᠠᠭᠰᠠᠨ︾ ᠣᠶᠣᠨᠴᠢ ᠲᠡᠵᠢᠭᠡᠨ ᠦᠷᠡᠵᠢᠭᠦᠯᠬᠦ ᠰᠢᠨ᠎ᠡ ᠴᠠᠭ ᠦᠶ᠎ᠡ ᠶᠢ ᠡᠬᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠪᠣᠯᠣᠨ ᠵᠢᠭᠤᠯᠴᠢᠯᠡᠯ ᠠᠭᠤᠰᠣᠯᠴᠬᠠᠰᠡᠨ ᠰᠢᠨ᠎ᠠ ᠪᠠᠶᠢᠷᠢᠰᠢᠯ ᠢ ᠪᠣᠢ ᠪᠣᠯᠭᠠᠵᠤ ᠪᠠᠶᠢᠨ᠎ᠠ᠃
       ᠣᠶᠢᠷ᠎ᠠ ᠳᠤ᠂ ᠰᠤᠷᠪᠤᠯᠵᠢᠯᠠᠭᠴᠢ ᠪᠠᠷ ᠦᠨᠳᠦᠰᠤᠨ ᠱᠠᠲᠤᠨ ᠤ ᠠᠵᠢᠯ ᠢᠶᠠᠷ ᠱᠤᠤ ᠪᠠᠯᠭᠠᠰᠤ ᠶᠢᠨ ᠬᠢᠵᠠᠭᠠᠷ ᠲᠠᠬᠢ 303 ᠮᠤᠵᠢ ᠶᠢᠨ ᠵᠠᠮ ᠤᠨ ᠬᠠᠵᠠᠭᠤ ᠳᠤ ᠪᠠᠶᠢᠷᠢᠯᠠᠭ᠎ᠠ ︽ᠥᠪᠣᠷ ᠮᠣᠩᠭᠤᠯ ᠤᠨ ᠶᠢᠨ ᠶᠢᠩ ᠰᠢᠯᠢᠳᠡᠭ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ︾ ᠳᠤ ᠬᠦᠷᠬᠦ ᠳᠤ᠂ ᠲᠡᠵᠢᠭᠡᠨ ᠦᠷᠡᠵᠢᠭᠦᠯᠬᠦ ᠡᠷᠦᠭᠡ ᠶᠠᠭ ᠰᠠᠶᠢᠬᠠᠨ ᠡᠪᠡᠰᠦ ᠪᠤᠷᠲᠤᠭ᠎ᠠ ᠡᠳ᠋ᠰᠢᠭᠦᠯᠤᠨ ᠬᠤᠨᠢᠳ ᠢᠶᠠᠨ ᠲᠡᠵᠢᠭᠡᠬᠦ ᠪᠠᠷ ᠶᠠᠭᠠᠷᠠᠵᠤ ᠪᠠᠶᠢᠯ᠎ᠠ᠃ ᠬᠤᠯᠠ ᠠᠴᠠ ᠬᠠᠷᠠᠬᠤ ᠳᠤ ᠤᠩᠭᠠᠰᠣᠨ ᠪᠦᠮᠪᠦᠭᠡ᠂ ᠣᠶᠢᠷ᠎ᠠ ᠠᠴᠠ ᠬᠠᠷᠠᠬᠤ ᠳᠤ ᠦᠭᠡᠭᠦᠨ ᠪᠦᠮᠪᠦᠭᠡ ᠭᠡᠳᠡᠭ ᠢᠶᠠᠷ᠂ ᠲᠠᠷᠭᠤ ᠰᠠᠶᠢᠲᠠᠢ ᠬᠤᠨᠢᠳ ᠮᠥᠷ ᠮᠥᠷ ᠵᠢᠭᠳᠡᠷᠡᠭᠰᠠᠨ ᠴᠡᠪᠡᠷ ᠳᠣᠬᠢᠯᠢᠭ ᠬᠠᠰᠢᠶᠠᠨ ᠳᠤ ᠪᠠᠨ ᠨᠠᠷᠠᠨ ᠳᠤ ᠡᠭᠡᠭᠡᠵᠦ᠂ ᠳᠡᠪᠡᠲᠡᠢ ᠬᠡᠪᠢᠵᠦ ᠬᠡᠪᠲᠡᠵᠡᠭᠡᠨ᠎ᠡ᠃
       ᠱᠤᠤ ᠪᠠᠯᠭᠠᠰᠤ ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠪᠠᠶᠢᠷᠢ ᠶᠢᠨ ᠳᠠᠪᠠᠭᠤᠯᠢᠭ ᠢᠶᠠᠨ ᠬᠦᠢᠴᠡᠳ ᠠᠰᠢᠡᠡᠯᠠᠨ᠂ ᠠᠯᠠᠰᠢᠨ ᠬᠤᠨᠢᠨ ᠤ ᠰᠢᠨ᠎ᠡ ᠡᠭᠦᠯᠲᠠᠷ ᠢ ᠰᠤᠩᠭᠤᠨ ᠪᠣᠶᠢᠵᠢᠭᠤᠯᠬᠤ᠂ ᠴᠢᠨᠠᠷ ᠰᠠᠶᠢᠲᠠᠢ ᠪᠤᠷᠲᠤᠬᠤ᠂ ᠦᠨᠲᠤᠷ ᠠᠰᠢᠭᠲᠤ ᠲᠡᠵᠢᠭᠡᠯ ᠡᠪᠡᠰᠤ᠂ ᠣᠶᠣᠨᠴᠢ ᠲᠡᠵᠢᠭᠡᠨ ᠦᠷᠡᠵᠢᠭᠦᠯᠬᠦ ᠦᠢᠯᠡᠴᠢᠯᠡᠭᠡ ᠵᠡᠷᠭᠡ ᠪᠦᠷᠢᠨ ᠬᠡᠯᠬᠢᠶᠡᠵᠢᠭᠰᠡᠨ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ  ᠰᠢᠰᠲ᠋ᠧᠮᠵᠢ ᠶᠢ ᠨᠢᠭᠡᠳᠣᠯᠳᠠᠢ ᠲᠦᠯᠤᠪᠯᠡᠨ ᠪᠠᠶᠢᠭᠤᠯᠵᠦ᠂ ᠠᠯᠠᠰᠢᠨ ᠬᠤᠨᠢᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠠᠪᠰᠢᠬᠦ  ᠶᠢ ᠠᠬᠢᠭᠤᠯᠵᠤ ᠪᠠᠶᠢᠨ᠎ᠠ᠃ ᠡᠨᠡᠬᠦ ᠠᠵᠤ ᠦᠢᠯᠡᠰ ᠤᠨ ᠬᠦᠷᠢᠶᠡᠯᠠᠩ ᠨᠢ ︽ᠠᠵᠤ ᠠᠬᠤᠶᠢᠯᠡᠯ + ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ + ᠲᠡᠵᠢᠭᠡᠨ ᠦᠷᠡᠵᠢᠭᠦᠯᠬᠦ ᠡᠷᠤᠭᠡ︾ ᠶᠢᠨ ᠵᠠᠭᠪᠤᠷ ᠢᠶᠠᠷ ᠳᠠᠮᠵᠢᠭᠤᠯᠤᠨ᠂ ᠬᠤᠷᠰᠢᠶᠡᠵᠢᠯ ᠪᠠ ᠲᠡᠵᠢᠭᠡᠨ ᠦᠷᠡᠵᠢᠭᠦᠯᠬᠦ ᠲᠣᠮᠣ ᠡᠷᠤᠭᠡ ᠶᠢᠨ ᠪᠦᠳᠦᠭᠦᠯᠢᠭ ᠮᠠᠶ᠋ᠢᠭ ᠤᠨ ᠲᠡᠵᠢᠭᠡᠨ ᠦᠷᠡᠵᠢᠭᠦᠯᠬᠦ ᠵᠬᠠᠪᠣᠷ ᠠᠴᠠ ᠡᠷᠴᠢᠮᠵᠢᠭᠰᠡᠨ᠂ ᠪᠠᠷᠢᠮᠵᠢᠶᠡᠵᠢᠭ᠌ᠰᠡᠨ ᠲᠡᠵᠢᠭᠡᠨ ᠦᠷᠡᠵᠢᠭᠦᠯᠬᠦ ᠵᠬᠠᠪᠣᠷ ᠲᠡᠰᠢ ᠬᠤᠪᠢᠷᠠᠭᠤᠯᠬᠤ ᠶᠢ ᠵᠢᠱᠢᠶ᠎ᠠ ᠦᠵᠡᠭᠦᠯᠦᠨ ᠲᠠᠶᠢᠴᠢᠯᠠᠬᠤ ᠶᠢᠨ ᠬᠠᠮᠲᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠡᠷᠤᠭᠡ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠣᠷ᠎ᠠ ᠲᠡᠵᠢᠭᠡᠯ ᠡᠪᠡᠰᠤ ᠪᠤᠷᠳᠤᠭ᠎ᠠ ᠬᠠᠩᠭᠠᠨ᠂ ᠵᠢᠯ ᠳᠤ 4000 ᠲᠦᠮᠡ ᠣᠷᠴᠢᠮ ᠤᠨ ᠲᠡᠵᠢᠭᠡᠯ ᠡᠪᠡᠰᠦ ᠪᠣᠷᠳᠤᠭᠠᠨ ᠤ ᠥᠪᠡᠷ ᠤᠨ ᠥᠷᠳᠡᠭ ᠢ ᠠᠷᠪᠢᠯᠡᠵᠤ ᠥᠭᠬᠦ ᠪᠣᠯᠣᠨ᠎ᠠ᠃
       ᠣᠶᠢᠯᠠᠭᠠᠭᠰᠠᠨ ᠢᠶᠠᠷ᠂ ᠥᠪᠥᠷ ᠮᠤᠩᠭᠤᠯ ᠤᠨ ᠶᠢᠨ ᠶᠢᠩ ᠰᠢᠯᠢᠳᠡᠭ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠢᠴᠢ ᠣᠳᠣᠬᠢᠴᠢᠯᠬᠠᠰᠡᠨ ᠮᠠᠯ ᠲᠠᠷᠢᠶᠡᠯᠠᠩ ᠤᠨ ︵ᠮᠠᠯ ᠪᠠᠯᠴᠢᠭᠡᠷ ᠢ ᠨᠢᠭᠡ ᠴᠣᠭᠴᠠᠵᠢᠭᠤᠯᠬᠤ︶ ᠠᠵᠤ ᠦᠢᠯᠡᠰ ᠤᠨ ᠬᠦᠷᠢᠶᠡᠯᠠᠩ ᠨᠢ 2024 ᠣᠨ ᠤ 9 ᠰᠠᠷ᠎ᠠ ᠳᠤ ᠨᠢᠭᠡᠨᠳᠠ ᠠᠰᠢᠡᠡᠯᠠᠯᠳᠠ ᠳᠤ ᠣᠷᠣᠭᠰᠠᠨ ᠪᠠᠶᠢᠭ᠎ᠠ ᠶᠤᠮ᠃ ᠲᠣᠰ ᠠᠵᠤ ᠦᠢᠯᠡᠰ ᠤᠨ ᠬᠦᠷᠢᠶᠡᠯᠠᠩ ᠨᠢ ᠵᠢᠯ ᠳᠤ10 ᠲᠦᠮᠡᠨ ᠲᠤᠯᠤᠭᠠᠢ ᠰᠢᠯᠢᠳᠡᠭ ᠪᠤᠷᠳᠦᠨ ᠲᠠᠷᠭᠤᠯᠠᠭᠤᠯᠤᠭᠰᠠᠨ ᠬᠤᠨᠢ ᠶᠢ ᠵᠠᠬ᠎ᠠ ᠳᠤ ᠭᠠᠷᠭᠠᠬᠤ ᠪᠠ ᠵᠢᠯ ᠳᠤ 20 ᠲᠦᠮᠡᠨ ᠲᠣᠨ ᠬᠠᠷᠭᠠᠨ᠎ᠠ ᠶᠢᠨ ᠤᠭᠤᠷᠬᠠᠳᠤ ᠦᠭᠡᠷ ᠬᠤᠨᠢᠨ ᠤ ᠲᠡᠵᠢᠭᠡᠯ ᠪᠤᠷᠲᠤᠭ᠎ᠠ ᠬᠢᠭᠡᠳ 10 ᠲᠦᠮᠡᠨ ᠲᠣᠨ ᠢᠰᠭᠡᠭᠰᠡᠨ ᠪᠤᠷᠲᠤᠭ᠎ᠠ ᠦᠢᠯᠡᠳᠪᠤᠷᠢᠯᠡᠬᠦ ᠪᠣᠯᠣᠨ᠎ᠠ᠃
       ᠱᠣᠣ ᠪᠠᠯᠭᠠᠰᠤ ᠬᠥᠭᠵᠢᠯᠲᠠ ᠶᠢᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠣᠡᠭᠡᠨ᠂ ᠰᠠᠭᠤᠷᠢ ᠪᠠᠨ ᠴᠢᠩᠭᠠᠳᠬᠠᠨ ᠦᠷ᠎ᠡ ᠠᠰᠢᠭ ᠢᠶᠠᠨ ᠨᠡᠮᠡᠭᠳᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠲᠤᠯ ᠦᠭᠡᠢ ᠬᠥᠭᠵᠢᠯᠲᠠ ᠪᠠᠷ ᠤᠳᠤᠷᠢᠳᠤᠮᠵᠢ ᠪᠣᠯᠭᠠᠭᠰᠠᠨ ᠦᠨᠳᠤᠷ ᠦᠷ᠎ᠡ ᠠᠰᠢᠭᠲᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠠ ᠳᠤ ᠨᠢᠭᠡ ᠮᠥᠷᠣᠨ ᠤ ᠬᠦᠴᠦᠨ ᠢᠶᠠᠨ ᠡᠷᠭᠦᠬᠦ ᠪᠠᠷ ᠲᠡᠮᠡᠴᠡᠵᠦ ᠪᠣᠢ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号