ᠠᠷᠤ ᠬᠤᠷᠴᠢᠨ ᠬᠤᠰᠢᠭᠤ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠡᠷᠡᠮᠵᠢᠯᠡᠭᠦᠯᠬᠦ ᠬᠦᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/2
       12 ᠰᠠᠷ᠎ᠠ ᠶᠢᠨ 31 ᠤ ᠡᠳᠤᠷ᠂ ᠠᠷᠤ ᠬᠤᠷᠴᠢᠨ ᠬᠤᠰᠢᠭᠤ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠷᠠᠮᠵᠢᠯᠡᠭᠦᠯᠬᠦ ᠬᠦᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠤᠩᠬᠡᠢ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠲᠤᠷᠬᠠᠶᠢᠯᠠᠵᠤ᠂ ᠬᠡᠷᠡᠭ ᠢᠶᠠᠷ ᠶᠣᠰᠤ ᠤᠴᠢᠷ ᠢ ᠲᠣᠲᠤᠷᠬᠠᠶᠢᠯᠡᠨ᠂ ᠬᠡᠷᠡᠭ ᠢᠶᠠᠷ ᠲᠦᠷᠢᠮ ᠲᠣᠭᠲᠠᠭᠠᠯ ᠪᠣᠯᠭᠠᠵᠤ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠤᠬᠠᠮᠰᠠᠷ ᠢ ᠤᠯᠠᠮ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠠ ᠶᠢ ᠠᠬᠢᠭᠤᠯᠪᠠ᠃
       ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠵᠡᠷᠭᠡ ᠬᠤᠰᠢᠭᠤᠨ ᠳᠤ ᠪᠠᠨ ᠪᠠᠶᠢᠭ᠎ᠠ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠳᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠠᠷᠤ ᠬᠤᠷᠴᠢᠨ ᠬᠤᠰᠢᠭᠤᠨ ᠳᠤ ᠰᠠᠭᠤᠭ᠎ᠠ ᠲᠥᠪ ᠣᠷᠣᠨ ᠬᠤᠲᠠ ᠶᠢᠨ ᠬᠤᠯᠪᠤᠡᠡᠳᠡᠯ ᠪᠦᠬᠦᠢ ᠨᠢᠭᠡᠴᠡ ᠶᠢᠨ ᠬᠠᠷᠢᠭᠤᠴᠠᠯᠭᠠᠳᠠᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠤᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠵᠤ᠂ ᠴᠧᠨ ᠬᠤ᠋ ᠨᠠᠨ ᠬᠤᠷᠠᠯ ᠢ ᠡᠷᠬᠢᠯᠡᠪᠡ᠃        ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠢ ᠰᠢᠨ ᠢᠣᠢ ᠨᠡᠶᠢᠳᠡᠯᠢᠭ ᠬᠡᠷᠡᠭ ᠤᠨ ᠵᠢᠱᠢᠶ᠎ᠡ ᠶᠢ ᠵᠠᠷᠯᠡᠨ ᠮᠡᠳᠡᠭᠳᠡᠪᠡ᠃
       ᠸᠧᠢ ᠪᠢᠯᠢᠭ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠵᠣᠭᠰᠤᠴᠠ ᠪᠠᠨ ᠲᠡᠭᠡᠭᠰᠢᠯᠡᠭᠦᠯᠵᠤ᠂ ᠪᠠᠶᠢᠳᠠᠯ ᠢ ᠲᠤᠳᠤᠷᠬᠠᠢ ᠲᠠᠨᠢᠨ᠂ ᠰᠠᠬᠢᠯᠭ᠎ᠠ ᠬᠠᠤᠯᠢ ᠠᠴᠠ ᠵᠥᠷᠢᠴᠡᠭᠰᠡᠨ ᠨᠡᠶᠢᠳᠡᠯᠢᠭ ᠬᠡᠷᠡᠭ ᠤᠨ ᠵᠢᠱᠢᠶ᠎ᠡ ᠠᠴᠠ ᠬᠦᠨᠵᠡᠭᠡᠢ ᠰᠤᠷᠭᠠᠮᠵᠢ ᠠᠪᠴᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠤ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠠᠷᠭ᠎ᠠ ᠭᠡᠮᠵᠢᠶ᠎ᠡ ᠪᠠᠨ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠤᠵᠢᠯ ᠢ ᠪᠠᠬᠢᠵᠢᠭᠦᠯᠤᠨ ᠬᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠦᠨᠲᠦᠰᠤᠨ ᠱᠠᠲᠤᠨ ᠤ ᠳᠠᠷᠤᠭᠠᠰᠤ ᠶᠢ ᠬᠦᠩᠭᠡᠷᠡᠭᠦᠯᠵᠤ᠂ ᠤᠯᠠᠨ ᠲᠦᠮᠡᠨ ᠤ ᠲᠡᠷᠭᠡᠳᠡᠬᠢ ᠲᠥᠪ ᠪᠣᠰᠤ ᠰᠤᠷᠳᠡᠯ ᠪᠣᠯᠣᠨ ᠢᠯᠵᠡᠷᠡᠯ ᠤᠨ ᠠᠰᠠᠭᠤᠳᠠᠯ ᠢ ᠲᠥᠪᠯᠡᠷᠡᠭᠦᠯᠤᠨ ᠴᠡᠭᠴᠡᠯᠡᠨ ᠵᠠᠰᠬᠠᠰᠡᠨ ᠦᠷ᠎ᠡ ᠪᠦᠲᠦᠭᠡᠯ ᠢ ᠴᠡᠭᠴᠡᠯᠡᠨ ᠵᠠᠰᠠᠵᠤ᠂ ᠢᠯᠵᠡᠷᠡᠯ ᠢ ᠡᠰᠡᠷᠭᠦᠴᠡᠬᠦ ᠲᠡᠮᠡᠴᠡᠯ ᠤᠨ ᠬᠥᠨᠴᠡ ᠦᠷᠭᠡᠴᠡ ᠶᠢ  ᠦᠷᠭᠡᠣᠡᠭᠡᠨ᠂ ᠢᠯᠵᠡᠷᠡᠯ ᠡᠭᠦᠰᠬᠦ ᠤᠭ ᠦᠨᠳᠦᠰᠤ ᠪᠣᠯᠣᠨ ᠨᠥᠬᠦᠴᠡᠯ ᠢ ᠡᠷᠡᠰ ᠠᠷᠢᠯᠭᠠᠵᠤ᠂ ᠰᠤᠷᠳᠠᠯ ᠴᠢᠭᠡᠴᠢ ᠤᠪᠣᠷ ᠲᠥᠪ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠭᠦᠢᠴᠡᠳ ᠪᠣᠢ ᠪᠣᠯᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠣᠡᠭᠡᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠤ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠴᠢᠩᠭ᠎ᠠ ᠦᠨᠳᠤᠰᠤᠨ ᠬᠦᠭ ᠠᠶᠠᠰ᠂ ᠴᠢᠩᠭ᠎ᠠ ᠠᠷᠭ᠎ᠠ ᠭᠡᠮᠵᠢᠶ᠎ᠠ᠂ ᠴᠢᠩᠭ᠎ᠠ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠳᠠᠯᠠᠨ᠂ ᠪᠥᠬᠦ ᠬᠤᠰᠢᠭᠤᠨ ᠤ ᠨᠠᠮ ᠤᠨ ᠰᠣᠷᠳᠡᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠲᠡᠮᠡᠴᠡᠯ ᠢ ᠲᠠᠰᠤᠷᠠᠯᠲᠠ ᠦᠭᠡᠢ ᠬᠦᠨᠵᠡᠭᠡᠶᠢᠷᠡᠭᠦᠯᠦᠨ ᠪᠤᠲᠡᠲᠡᠶᠢᠵᠢᠭᠤᠯᠬᠤ ᠬᠡᠷᠡᠭᠲᠡᠢ ᠭᠡᠪᠡ᠃        ᠬᠤᠷᠠᠯ ᠳᠤ ᠣᠷᠣᠯᠴᠠᠭᠰᠠᠳ ᠬᠠᠮᠳᠤᠪᠠᠷ ᠰᠠᠷᠠᠮᠵᠢᠯᠡᠭᠦᠯᠬᠦ ᠬᠦᠮᠥᠵᠢᠯ ᠤᠨ ᠹᠢᠯᠢᠮ ᠢ ᠦᠵᠡᠪᠡ᠃ ︵ᠯᠢ ᠬᠤᠸᠠᠨ ᠢᠣᠢ᠂ ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号