ᠬᠤᠰᠢᠭᠤᠨ ᠤᠳᠤᠷᠢᠳᠤᠯᠭ᠎ᠠ ᠠᠴᠠ ᠬᠤᠶᠠᠷ ᠬᠤᠷᠠᠯ ᠳᠤ ᠣᠷᠣᠯᠴᠠᠬᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠡᠷᠭᠢᠨ ᠦᠵᠡᠪᠡ
ᠨᠡᠶᠢᠲᠡᠯᠡᠭᠰᠡᠨ ᠴᠠᠭ᠄
2025/1/20
       1 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ᠂ ᠬᠤᠰᠢᠭᠤᠨ ᠤᠯᠤᠰ ᠳᠥᠷᠥ ᠶᠢᠨ ᠵᠥᠪᠯᠡᠯᠭᠡᠨ ᠤ ᠠᠷᠪᠠᠨ  ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠬᠡᠰᠡᠭ ᠪᠦᠯᠦᠭ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠡᠷᠭᠢᠵᠦ ᠦᠵᠡᠪᠡ᠃
       ᠲᠥᠯᠥᠭᠡᠯᠡᠭᠴᠢᠳ ᠪᠠ ᠭᠡᠰᠢᠭᠦᠳ ᠤᠨ ᠰᠠᠭᠤᠭ᠎ᠠ ᠭᠠᠵᠠᠷ ᠲᠤ᠂ ᠸᠧᠶ ᠪᠢᠯᠢᠭ ᠲᠥᠯᠥᠭᠡᠯᠡᠭᠴᠢᠳ ᠪᠠ ᠭᠡᠰᠢᠭᠦᠳ ᠲᠠᠢ ᠳᠣᠲᠣᠨᠣ ᠪᠠᠷ ᠭᠠᠷ ᠠᠳᠬᠤᠨ ᠶᠠᠷᠢᠯᠴᠠᠵᠤ᠂ ᠠᠵᠢᠯ ᠠᠮᠢᠳᠤᠷᠠᠯ ᠪᠠ ᠡᠭᠦᠷᠭᠡ ᠲᠤᠰᠢᠶᠠᠯ ᠢᠶᠠᠨ ᠭᠦᠢᠴᠡᠣᠡᠭᠡᠵᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠵᠤ᠂ ᠣᠯᠠᠨ ᠤ ᠥᠩᠭᠡᠷᠡᠭᠰᠡᠨ ᠨᠢᠭᠡ ᠵᠢᠯ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ  ᠃ ᠲᠡᠷᠡ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠷᠲᠡᠭᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠰᠢᠨ᠎ᠡ ᠭᠠᠷᠤᠭ᠎ᠠ ᠳᠡᠭᠡᠷ᠎ᠡ ᠲᠥᠯᠥᠭᠡᠯᠡᠭᠴᠢᠳ᠂ ᠭᠡᠰᠢᠭᠦᠳ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠳᠡᠢ ᠬᠥᠭᠵᠢᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠲᠥᠪ ᠴᠢᠩᠭ᠎ᠠ ᠣᠪᠣᠷ ᠰᠤᠷᠲᠠᠯ ᠢᠶᠠᠷ ᠡᠭᠦᠷᠭᠡ ᠬᠠᠷᠢᠭᠤᠴᠠᠯᠭ᠎ᠠ ᠪᠠᠨ  ᠰᠠᠶᠢᠲᠤᠷ  ᠭᠦᠢᠴᠡᠣᠡᠭᠡᠨ᠂ ᠨᠠᠷᠢᠨ  ᠬᠢᠨᠠᠮᠠᠭᠠᠶ  ᠬᠢᠨᠠᠨ  ᠵᠥᠪᠯᠡᠵᠦ  ᠂ ᠡᠯ᠎ᠡ ᠵᠦᠢᠯ ᠤᠨ ᠮᠡᠳᠡᠭᠦᠯᠦᠯᠲᠡ ᠶᠢ ᠢᠯᠡᠭᠦᠬᠡᠨ ᠶᠠᠷᠢᠯᠴᠠᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠬᠤᠰᠢᠭᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ ᠬᠠᠪᠰᠤᠷᠤᠨ ᠠᠵᠢᠯ ᠢᠶᠠᠨ ᠨᠠᠩ ᠰᠠᠶᠢᠨ ᠥᠷᠨᠢᠭᠦᠯᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠳᠤ ᠪᠣᠳᠠᠲᠠᠶ ᠠᠵᠢᠯ ᠢᠯᠡᠭᠦᠬᠡᠨ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠪᠠ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
       ᠤᠳᠤᠷᠢᠳᠤᠯᠭ᠎ᠠ ᠨᠠᠷ ᠤᠨ ᠳᠣᠲᠣᠨᠣ ᠮᠡᠨᠳᠦᠴᠢᠯᠡᠯ ᠪᠣᠯᠤᠨ ᠨᠠᠨᠳᠢᠨ ᠬᠦᠰᠡᠯ ᠨᠠᠶᠢᠳᠠᠯᠭ᠎ᠠ ᠨᠢ ᠲᠥᠯᠥᠭᠡᠯᠡᠭᠴᠢᠳ ᠪᠠ ᠭᠡᠰᠢᠭᠦᠳ ᠢ ᠶᠡᠬᠡᠳᠡ ᠵᠣᠷᠢᠭᠵᠢᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠶᠠᠭᠠᠬᠢᠭᠰᠠᠨ ᠴᠦ ᠬᠥᠰᠡᠷᠳᠡᠭᠦᠯᠬᠦ ᠥᠬᠡᠶ᠂ ᠭᠡᠬᠦᠳᠡᠭ ᠳᠦᠭᠦᠷᠡᠩ ᠤᠯᠤᠰ ᠲᠥᠷᠥ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠢᠳᠡᠪᠬᠢᠲᠡᠶ ᠪᠠᠷ ᠵᠠᠰᠠᠭ ᠤᠨ ᠶᠠᠪᠤᠳᠠᠯ ᠳᠤ ᠣᠷᠣᠯᠴᠠᠵᠤ ᠲᠥᠷᠥ ᠶᠢᠨ ᠶᠠᠪᠤᠳᠠᠯ ᠵᠥᠪᠯᠡᠨ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠣᠡᠭᠡᠨ᠂ ᠡᠷᠬᠡ ᠪᠠᠨ ᠵᠥᠪ ᠣᠨᠣᠪᠴᠢᠲᠠᠶ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠤᠬᠠᠮᠰᠠᠷ ᠢᠶᠠᠷ ᠶᠡᠭᠡ ᠬᠤᠷᠠᠯ ᠤᠨ ᠲᠡᠭᠦᠰ ᠠᠮᠵᠢᠯᠲᠠ ᠣᠯᠬᠤ ᠶᠢ ᠪᠠᠲᠤᠯᠠᠵᠤ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃        ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ ᠰᠢᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ ᠵᠢᠴᠢ ᠬᠠᠮᠢᠶ᠎ᠠ ᠪᠦᠬᠦᠢ ᠬᠤᠰᠢᠭᠤᠨ ᠤᠳᠤᠷᠢᠳᠤᠯᠭ᠎ᠠ ᠲᠤᠰ ᠲᠤᠰ ᠠᠵᠢᠯᠯᠠᠭ᠎ᠠ ᠳᠤ ᠣᠷᠣᠯᠴᠠᠵᠠᠶ᠃ ︵ᠯᠢ ᠬᠤᠸᠠᠨ ᠢᠦᠶ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号