1 ᠰᠠᠷ᠎ᠠ ᠶᠢᠨ 19 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠤᠷᠠᠯᠳᠤᠵᠤ᠂ | ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ | ᠰᠢᠤᠢ ᠫᠧᠩ ᠬᠤᠷᠠᠯ ᠡᠷᠬᠢᠯᠡᠪᠡ᠃ | | | | ᠬᠤᠷᠠᠯ ᠠᠴᠠ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠪᠠ ᠨᠠᠷᠢᠨ | ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠵᠥᠪᠯᠡᠬᠦ ᠵᠦᠢᠯ᠂ ᠰᠠᠨᠠᠯ | ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠨᠡᠷᠡᠰ ᠪᠠ ᠰᠢᠢᠳᠪᠦᠷᠢ᠂ ᠰᠠᠨᠠᠯ ᠵᠥᠪᠯᠡᠯᠭᠡ ᠵᠡᠷᠭᠡ ᠶᠢ ᠪᠠᠲᠤᠯᠠᠬᠤ ᠠᠷᠭ᠎ᠠ | ᠬᠡᠯᠪᠡᠷᠢ ᠶᠢ ᠪᠠᠲᠤᠯᠠᠪᠠ᠃ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ 39 ᠬᠥᠮᠦᠨ ᠢᠶᠠᠷ | ᠪᠦᠷᠢᠯᠳᠦᠵᠦ᠂ ᠴᠢᠨ ᠶᠤᠸᠠᠢ ᠭᠦᠸᠧ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠵᠠᠶ᠃ | ᠣᠶᠢᠯᠠᠭᠠᠡᠡᠰᠡᠨ ᠢᠶᠠᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠵᠥᠪᠯᠡᠬᠦ ᠵᠦᠢᠯ ᠪᠣᠯ᠄ ᠨᠢᠭᠡ᠂ ᠬᠤᠰᠢᠭᠤᠨ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠲᠥᠰᠦᠯ︶ ᠢ ᠰᠣᠨᠣᠰᠴᠤ ᠬᠢᠨᠠᠨ ᠵᠥᠪᠯᠡᠨ᠎ᠡ᠃ ᠬᠤᠶᠠᠷ᠂ | ᠬᠤᠰᠢᠭᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠡᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠲᠥᠯᠥᠪᠰᠢᠷᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠠ᠃ ᠭᠤᠷᠪᠠ᠂ | 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠡᠯ ᠵᠢᠴᠢ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠭᠦᠯᠦᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ ᠶᠢ ᠬᠢᠨᠠᠨ ᠵᠥᠪᠰᠢᠶᠡᠷᠡᠨ᠎ᠡ︔ 2025 ᠣᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ ᠵᠥᠪᠰᠢᠶᠡᠷᠡᠨ᠎ᠡ᠃ ᠳᠥᠷᠪᠡ᠂ | 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠣᠡᠭᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ | ᠲᠥᠰᠦᠪ ︵ᠲᠥᠰᠦᠯ︶ ᠤᠨ ᠮᠡᠳᠡᠭᠦᠯᠦᠯᠲᠡ ᠶᠢ ᠬᠢᠨᠠᠨ ᠵᠥᠪᠰᠢᠶᠡᠷᠡᠨ᠎ᠡ︔ 2025 ᠣᠨ ᠤ ᠡᠳ᠋ ᠤᠨ ᠵᠠᠰᠠᠭ ᠤᠨ | ᠲᠥᠰᠦᠪ ᠢ ᠵᠥᠪᠰᠢᠶᠡᠷᠡᠨ᠎ᠡ᠃ ᠲᠠᠪᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠲᠥᠰᠦᠯ︶ ᠶᠢ ᠰᠣᠨᠣᠰᠴᠤ ᠬᠢᠨᠠᠨ ᠵᠥᠪᠯᠡᠨ᠎ᠡ᠃ ᠵᠢᠷᠭᠤᠭ᠎ᠠ᠂ ᠬᠤᠰᠢᠭᠤᠨ | ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠲᠥᠰᠦᠯ︶ ᠶᠢ ᠰᠣᠨᠣᠰᠴᠤ ᠬᠢᠨᠠᠨ ᠵᠥᠪᠯᠡᠨ᠎ᠡ᠃ | ᠳᠣᠯᠤᠭ᠎ᠠ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠲᠥᠰᠦᠯ︶ ᠶᠢ ᠰᠣᠨᠣᠰᠴᠤ | ᠬᠢᠨᠠᠨ ᠵᠥᠪᠯᠡᠨ᠎ᠡ᠃ ᠨᠠᠢᠮᠡ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ | ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠡᠯ ᠢ ᠦᠨᠡᠯᠡᠨ᠎ᠡ᠃ ᠶᠢᠰᠦ᠂ ᠬᠤᠰᠢᠭᠤᠨ ᠠᠷᠠᠳ ᠤᠨ | ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠷ | ᠵᠢᠱᠢᠭᠳᠡᠭᠰᠡᠨ ᠲᠥᠷᠥᠯ ᠵᠦᠢᠯ ᠢ ᠪᠠᠲᠤᠯᠠᠨ᠎ᠠ᠃ ᠠᠷᠪᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢ ᠨᠥᠬᠦᠵᠦ ᠰᠣᠩᠭᠤᠨ᠎ᠠ᠃ ᠠᠷᠪᠠᠨ ᠨᠢᠭᠡ᠂ ᠪᠤᠰᠤᠳ ᠵᠦᠢᠯᠡᠰ᠃ ︵ | ᠯᠢ ᠬᠤᠸᠠᠨ ᠢᠦᠶ᠂ ᠯᠢᠦ ᠰᠢᠨ ᠲᠢᠩ᠂ ᠯᠢ ᠴᠦᠨ ᠢᠦᠶ︶ |