1 ᠰᠠᠷ᠎ᠠ ᠶᠢᠨ 19 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ | ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠠᠩ ᠡᠾᠦ᠋ᠢ ᠶᠠᠨ ᠬᠤᠷᠠᠯ ᠡᠷᠬᠢᠯᠡᠪᠡ᠃ | | | | ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ︵ | ᠭᠦᠢᠴᠡᠣᠡᠭᠡᠬᠦ ᠲᠡᠷᠢᠭᠦᠯᠡᠭᠴᠢ︶ ᠶᠢ ᠳᠡᠪᠰᠢᠭᠦᠯᠦᠨ ᠰᠣᠩᠭᠤᠪᠠ︔ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ | ᠳᠠᠷᠤᠭ᠎ᠠ ᠶᠢ ᠲᠣᠭᠲᠠᠭᠠᠪᠠ︔ ᠬᠤᠷᠠᠯ ᠤᠨ ᠡᠳᠦᠷ ᠤᠨ ᠳᠠᠷᠠᠭᠠᠯᠠᠯ ︵ᠲᠥᠰᠦᠯ︶ ᠢ ᠪᠠᠲᠤᠯᠠᠪᠠ︔ ᠲᠥᠯᠥᠭᠡᠯᠡᠭᠴᠢᠳ ᠤᠨ | ᠰᠠᠨᠠᠯ ᠵᠥᠪᠯᠡᠯᠭᠡ ᠲᠤᠰᠢᠶᠠᠬᠤ ᠡᠴᠦᠰ ᠤᠨ ᠬᠤᠭᠤᠴᠠᠭ᠎ᠠ ᠶᠢ ᠲᠣᠭᠲᠠᠭᠠᠪᠠ︔ ᠬᠤᠰᠢᠭᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢ ᠲᠠᠨᠢᠯᠴᠠᠭᠤᠯᠪᠠ︔ | ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠳᠤ ᠪᠢᠯᠧᠲ ᠥᠭᠴᠦ ᠪᠠᠲᠤᠯᠠᠬᠤ ᠠᠷᠭ᠎ᠠ ︵ᠲᠥᠰᠦᠯ︶ ᠶᠢ ᠪᠠᠲᠤᠯᠠᠪᠠ︔ ᠶᠡᠷᠦᠩᠬᠡᠶ ᠪᠢᠯᠧᠲ ᠬᠢᠨᠠᠭᠴᠢ᠂ | ᠪᠢᠯᠧᠲ ᠬᠢᠨᠠᠭᠴᠢ ᠶᠢᠨ ᠨᠡᠷᠡᠰ ︵ᠲᠥᠰᠦᠯ︶ ᠪᠠᠲᠤᠯᠠᠪᠠ᠃ ︵ᠯᠢ ᠬᠤᠸᠠᠨ ᠢᠦᠶ᠂ ᠯᠢᠦ ᠰᠢᠨ ᠲᠢᠩ᠂ ᠯᠢ ᠴᠦᠨ ᠢᠦᠶ︶ | |