ᠠᠷᠠᠳ ᠤᠨ ᠲᠥᠯᠥᠭᠡᠯᠡᠭᠴᠢᠳ ᠶᠡᠭᠡ ᠬᠤᠷᠠᠯ ᠳᠤ ᠣᠷᠣᠯᠴᠠᠬᠤ ᠪᠠᠷ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2025/1/20
       1 ᠰᠠᠷ᠎ᠠ ᠶᠢᠨ 19 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠬᠤ ᠠᠷᠠᠳ ᠤᠨ ᠲᠥᠯᠥᠭᠡᠯᠡᠭᠴᠢᠳ ᠵᠠᠯᠭᠠᠭ᠎ᠠ ᠪᠠᠷ ᠶᠡᠭᠡ ᠬᠤᠷᠠᠯ ᠳᠤ ᠨᠡᠷ᠎ᠡ ᠮᠡᠳᠡᠭᠦᠯᠪᠡ᠃ ᠲᠥᠯᠥᠭᠡᠯᠡᠭᠴᠢᠳ ᠨᠡᠷ᠎ᠡ ᠮᠡᠳᠡᠭᠦᠯᠬᠦ ᠲᠤᠬᠠᠶ ᠶᠢᠨ ᠲᠠᠯᠠᠪᠠᠢ ᠶᠢᠨ ᠠᠵᠢᠯᠲᠠᠨ ᠤ ᠵᠢᠯᠣᠭᠤᠳᠤᠯᠭ᠎ᠠ ᠳᠤᠤᠷ᠎ᠠ᠂ ᠨᠡᠷ᠎ᠡ ᠮᠡᠳᠡᠭᠦᠯᠬᠦ ᠭᠠᠷ  ‍ᠦ᠋ᠢᠴᠡᠣᠡᠭᠡᠯ ᠢᠶᠠᠨ ᠲᠦᠷᠭᠡᠨ ᠪᠥᠭᠡᠳ ᠡᠮᠬᠢ ᠵᠢᠷᠤᠮ ᠲᠠᠢ ᠪᠠᠷ ᠭᠦᠢᠴᠡᠣᠡᠭᠡᠵᠤ᠂ ᠡᠯ᠎ᠡ ᠵᠦᠢᠯ ᠤᠨ ᠠᠵᠢᠯ ᠡᠮᠬᠢ ᠴᠡᠭᠴᠡ ᠲᠠᠢ ᠶᠠᠪᠤᠭᠳᠠᠪᠠ᠃
       ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠬᠤᠷᠠᠯ ᠤᠨ ᠮᠠᠲ᠋ᠧᠷᠢᠶᠠᠯ ᠢ ᠰᠤᠳᠤᠯᠤᠨ ᠤᠩᠰᠢᠵᠤ᠂ ᠬᠤᠷᠠᠯ ᠤᠨ ᠵᠥᠪᠯᠡᠬᠦ ᠵᠦᠢᠯ ᠪᠣᠯᠤᠨ ᠬᠠᠮᠢᠶ᠎ᠠ ᠪᠦᠬᠦᠢ ᠲᠣᠬᠢᠷᠠᠭᠤᠯᠤᠯᠲᠠ ᠶᠢ ᠰᠠᠶᠢᠳᠣᠷ ᠤᠶᠢᠯᠠᠭᠠᠪᠠ᠃ ᠲᠥᠯᠥᠭᠡᠯᠡᠭᠴᠢᠳ ᠠᠴᠠ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠤᠯ ᠢᠶᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠣᠡᠭᠡᠨ᠎ᠡ ᠭᠡᠵᠦ ᠢᠯᠡᠳᠬᠡᠵᠡᠭᠡᠪᠡ᠃
       ᠡᠷᠡᠯᠬᠡᠭᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠨ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠲᠥᠯᠥᠭᠡᠯᠡᠭᠴᠢᠳ ᠶᠡᠭᠡ ᠬᠤᠷᠠᠯ ᠤᠨ ᠬᠤᠭᠤᠴᠠᠭᠠᠨ ᠳᠤ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ᠂ ᠠᠷᠠᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠵᠥᠪᠯᠡᠯᠭᠡ ᠳᠡᠪᠰᠢᠭᠦᠯᠵᠦ᠂ ᠠᠷᠭ᠎ᠠ ᠤᠬᠠᠭᠠᠨ ᠰᠣᠪᠢᠵᠤ᠂ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠵᠥᠪᠯᠡᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠪᠡᠯᠡᠨ ᠪᠣᠯᠤᠯ᠎ᠠ᠃ ︵ᠠᠭᠤᠯᠠ᠂ ᠰᠣᠶᠣᠯᠴᠢᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号