1 ᠰᠠᠷ᠎ᠠ ᠶᠢᠨ 19 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠤᠨ ᠶᠠᠷᠢᠶ᠎ᠠ᠂ | ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠶᠠᠷᠢᠯᠴᠠᠪᠠ᠃ | | | | ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠤᠨ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ | ᠬᠥᠭᠵᠢᠶᠡᠨ ᠲᠠᠢ ᠪᠠᠶᠢᠵᠤ᠂ ᠭᠡᠰᠢᠭᠦᠳ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠤᠨ ᠶᠠᠷᠢᠶ᠎ᠠ ᠪᠣᠯᠤᠨ | ᠤᠯᠤᠰ ᠲᠥᠷᠥ ᠶᠢᠨ ᠵᠥᠪᠯᠡᠯᠭᠡᠨ ᠤ ᠬᠤᠶᠠᠷ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ | ᠥᠷᠨᠢᠭᠦᠯᠦᠨ᠂ ᠥᠪᠡᠷ ᠥᠪᠡᠷ ᠤᠨ ᠦᠵᠡᠯᠲᠡ ᠪᠣᠳᠤᠯ ᠢᠶᠠᠨ ᠢᠯᠡᠳᠬᠡᠪᠡ᠃ | | | | ᠭᠡᠰᠢᠭᠦᠳ ᠠᠴᠠ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠤᠨ ᠶᠠᠷᠢᠶ᠎ᠠ ᠨᠢ ᠥᠨᠳᠥᠷ ᠲᠤ | ᠵᠣᠭᠰᠣᠨ ᠠᠯᠤᠰ ᠢ ᠪᠠᠷᠠᠯᠠᠵᠤ᠂ ᠬᠥᠮᠦᠰ ᠤᠨ ᠰᠡᠳᠬᠢᠯ ᠵᠣᠷᠢᠭ ᠢ ᠬᠥᠪᠴᠢᠯᠡᠨ ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠣᠨ ᠨᠤᠲᠠᠯᠠᠵᠤ᠂ ᠰᠢᠨ᠎ᠡ ᠴᠠᠭ ᠦᠶ᠎ᠡ ᠶᠢᠨ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠨᠠᠨᠳᠢᠨ | ᠬᠦᠰᠡᠯ ᠪᠠ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠥᠷᠭᠡᠨ ᠣᠯᠠᠨ ᠤᠯᠤᠰ ᠲᠦᠷᠥ ᠶᠢᠨ ᠵᠥᠪᠯᠡᠯᠭᠡᠨ ᠤ | ᠭᠡᠰᠢᠭᠦᠳ ᠤᠨ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ | ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠡᠭᠦᠷᠭᠡ ᠴᠢᠳᠠᠪᠬᠢ ᠪᠠᠨ | ᠭᠦᠢᠴᠡᠣᠡᠭᠡᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ ᠭᠡᠵᠦ ᠰᠠᠨᠠᠯ ᠨᠢᠭᠡᠲᠡᠶ ᠪᠠᠶᠢᠬᠤ ᠶᠢᠨ ᠬᠠᠮᠲᠤ᠂ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠪᠣᠳᠠᠲᠠᠶ ᠶᠢ ᠡᠷᠬᠢᠮᠯᠡᠭᠰᠡᠨ ᠰᠠᠨᠠᠯ | ᠳᠤᠷᠠᠳᠤᠯᠭ᠎ᠠ ᠳᠤᠷᠠᠳᠴᠤ᠂ ᠠᠷᠠᠳ ᠲᠤ ᠠᠰᠢᠭ ᠬᠦᠷᠳᠡᠭᠡᠬᠦ ᠠᠷᠭ᠎ᠠ ᠪᠣᠳᠣᠯᠭ᠎ᠠ ᠪᠠᠨ ᠳᠡᠪᠰᠢᠭᠦᠯᠦᠨ᠂ ᠰᠢᠨ᠎ᠡ ᠶᠢ ᠡᠭᠦᠳᠬᠦ | ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠬᠦᠴᠦᠨ ᠴᠢᠳᠠᠯ ᠢᠶᠠᠨ ᠰᠢᠪᠬᠠᠨ᠂ ᠠᠷᠤ ᠬᠤᠷᠴᠢᠨ ᠬᠤᠰᠢᠭᠤ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠬᠡᠪᠡ᠃ | | | | | | ᠭᠡᠰᠢᠭᠦᠳ ᠠᠴᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠪᠣᠯᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠨᠢ ᠪᠤᠰᠤᠳᠴᠢ ᠪᠥᠭᠡᠳ ᠪᠥᠬᠦ ᠲᠠᠯ᠎ᠠ ᠶᠢᠨ | ᠪᠠᠶᠢᠵᠤ᠂ ᠲᠤᠭ᠎ᠠ ᠪᠠᠷᠢᠮᠲᠠ ᠨᠢ ᠨᠠᠷᠢᠨ ᠪᠣᠳᠠᠲᠠᠶ᠂ ᠭᠤᠤᠯᠳᠠᠯᠭ᠎ᠠ ᠨᠢ ᠲᠣᠳᠣᠷᠬᠠᠶ᠂ ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠨᠢᠭᠡ ᠵᠢᠯ ᠤᠨ ᠲᠤᠷᠰᠢᠬᠢ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠣᠨᠣᠪᠴᠢᠲᠠᠶ ᠲᠤᠰᠬᠠᠭᠰᠠᠨ ᠪᠥᠭᠡᠳ | ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠡᠯ ᠢ ᠪᠣᠢ ᠪᠣᠯᠭᠠᠵᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠵᠢᠭᠠᠵᠤ ᠥᠭᠴᠡᠶ ᠭᠡᠵᠦ ᠰᠠᠨᠠᠯ | ᠨᠢᠭᠡᠲᠡᠶ ᠪᠠᠶᠢᠪᠠ᠃ | | | | ᠶᠠᠷᠢᠯᠴᠠᠬᠤ ᠳᠤᠮᠳᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠᠰᠠ ᠮᠠᠨ ᠤ ᠬᠤᠰᠢᠭᠤᠨ ᠤ ᠠᠵᠤ | ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠪᠠ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶ᠎ᠡ ᠳᠤ ᠮᠠᠰᠢ | ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃ ︵ ᠶᠢᠨ ᠵᠦ᠂ ᠯᠢ ᠬᠤᠸᠠᠨ ᠢᠦᠶ᠂ ᠰᠠᠶᠢᠬᠠᠡᠬᠤᠸᠠᠷ᠂ | ᠤᠷᠭᠤᠮᠠᠯ᠂ ᠯᠢᠦ ᠰᠢᠨ ᠲᠢᠩ᠂ ᠯᠢ ᠴᠦᠨ ᠢᠦᠶ︶ | | |