1 ᠰᠠᠷ᠎ᠠ ᠶᠢᠨ 20 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ | ᠬᠤᠷᠠᠯᠳᠤᠪᠠ᠃ | | | | | ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠰᠡᠷᠭᠦᠯᠡᠩ ᠬᠤᠷᠠᠯ ᠢ ᠡᠷᠬᠢᠯᠡᠵᠦ᠂ ᠳᠡᠳ᠋ ᠲᠡᠷᠢᠭᠦᠯᠡᠭᠴᠢ ᠴᠧᠨ ᠢᠦᠶ ᠮᠢᠩ᠂ ᠢᠦᠶ ᠸᠧᠶ ᠬᠤᠸᠠ᠂ | ᠣᠳᠬᠤᠨᠪᠠᠶᠠᠷ᠂ ᠨᠠᠷᠢᠨ ᠪᠢᠴᠢᠭ ᠤᠨ ᠳᠠᠷᠤᠭ᠎ᠠ ᠰᠦᠩ ᠸᠧᠶ ᠳ᠋ᠡ ᠵᠢᠴᠢ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠭᠡᠰᠢᠭᠦᠨ ᠨᠡᠶᠢᠲᠡ 24 ᠬᠥᠮᠦᠨ ᠬᠤᠷᠠᠯ ᠳᠤ ᠣᠷᠣᠯᠴᠠᠵᠠᠶ᠃ ᠬᠤᠰᠢᠭᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᡁᠢ ᠶᠦᠩ ᠬᠤᠷᠠᠯ ᠳᠤ ᠣᠷᠣᠯᠴᠠᠭᠰᠠᠨ | ᠪᠥᠭᠡᠳ ᠬᠤᠯᠪᠣᠭᠳᠠᠯ ᠪᠥᠬᠦᠢ ᠠᠵᠢᠯᠲᠠᠨ ᠤ ᠶᠠᠪᠤᠳᠠᠯ ᠤᠨ ᠪᠠᠶᠢᠳᠡᠯ ᠤᠨ ᠲᠤᠬᠠᠶ ᠲᠣᠳᠤᠷᠬᠠᠶᠢᠯᠠᠯᠲᠠ ᠬᠢᠪᠡ᠃ | ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶︾ ᠶᠢ ᠬᠢᠨᠠᠨ | ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠶᠡᠷᠦᠩᠬᠡᠶ ᠪᠢᠯᠧᠲ ᠬᠢᠨᠠᠭᠴᠢ ᠪᠢᠯᠧᠲ | ᠬᠢᠨᠠᠭᠴᠢ ᠶᠢᠨ ᠨᠡᠷᠡᠰ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ︔ ︽ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶︾ ᠶᠢ ᠬᠢᠨᠠᠨ | ᠵᠥᠪᠯᠡᠵᠦ ᠪᠠᠲᠤᠯᠠᠪᠠ︔ ︽ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠡᠯ ᠤᠨ ᠮᠡᠳᠡᠭᠦᠯᠦᠯᠲᠡ ᠶᠢᠨ | ᠰᠢᠢᠳᠪᠦᠷᠢ ︵ᠲᠥᠰᠦᠯ︶︾ ᠶᠢ ᠬᠢᠨᠠᠨ ᠵᠥᠪᠯᠡᠵᠦ ᠪᠠᠲᠤᠯᠠᠪᠠ︔ ︽ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ | ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ︵ᠲᠥᠰᠦᠯ︶︾ | ᠶᠢ ᠬᠢᠨᠠᠨ ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ | ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠡᠯ ᠤᠨ ᠲᠤᠬᠠᠶ ᠮᠡᠳᠡᠭᠦᠯᠦᠯᠲᠡ ︵ᠲᠥᠰᠦᠯ︶︾ ᠶᠢ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠪᠡ᠃ | ︵ᠤᠷᠭᠤᠮᠠᠯ ᠵᠣᠤ ᠶᠠ ᠨᠠᠨ ᠯᠢ ᠴᠦᠠ ᠢᠦᠶ︶ | | |