ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/1/21
       1 ᠰᠠᠷ᠎ᠠ ᠶᠢᠨ 20 ᠤ ᠦᠳᠡ ᠶᠢᠨ ᠡᠮᠦᠨ᠎ᠡ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠩᠬᠠᠷᠤᠯ ᠢ ᠶᠡᠬᠡᠳᠡ ᠲᠠᠲᠠᠭᠰᠠᠨ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃        ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠦᠪᠡᠳᠡᠭᠰᠢ ᠶᠡᠭᠡ ᠪᠥᠭᠡᠳ ᠬᠥᠷ ᠬᠥᠭᠵᠢᠶᠡᠨ ᠲᠠᠢ ᠪᠠᠶᠢᠵᠤ᠂ ᠲᠡᠷᠢᠭᠦᠯᠡᠭᠴᠢ ᠶᠢᠨ ᠲᠠᠶᠢᠰᠠᠨ ᠤ ᠲᠥᠪ ᠲᠤ ᠤᠯᠤᠰ ᠤᠨ ᠰᠦᠯᠳᠡ ᠡᠯᠭᠦᠭᠳᠡᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠠᠵᠢᠯ  ᠲᠥᠷᠥᠯ ᠠᠴᠠ ᠢᠷᠡᠭᠰᠡᠨ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠪᠠᠷ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠸᠧᠶ ᠪᠢᠯᠢᠭ᠂ ᠵᠠᠩ ᠬᠤᠩ ᠰᠢᠨ᠂ ᠬᠥᠬᠡᠪᠡᠷᠰ᠂ ᠶᠠᠩ ᠾᠦᠢ ᠶᠠᠨ᠂ ᠴᠢᠨ ᠶᠤᠸᠠᠢ ᠭᠦᠸᠧ᠂ ᠵᠠᠩ ᠰᠢᠤᠢ ᠫᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠴᠧᠨ ᠬᠤ᠋ ᠨᠠᠨ᠂ ᠰᠡᠷᠭᠦᠯᠡᠩ᠂ ᠵᠢᠶᠠ ᡁᠢ      ᠬᠤᠩ᠂ ᠭᠦᠸᠧ ᠯᠦ ᠮᠧᠩ᠂ ᠸᠠᠩ ᠶᠤᠸᠠᠨ ᠪᠢᠨ᠂ ᠭᠦᠸᠧ ᠶᠦᠩ ᠮᠢᠩ᠂ ᠸᠧᠶ ᠰᠢᠨ ᠢᠦᠶ᠂ ᠸᠠᠩ ᠰᠢᠨ ᠡᠾᠦ᠋ᠢ᠂ ᠭᠦᠸᠧ ᠹᠧᠩ᠂ ᠬᠠᠨ ᠵᠢᠶᠧ᠂ ᠰᠦᠩ ᠵᠢᠶᠠᠨ ᠹᠧᠩ᠂ ᠸᠠᠩ ᡁᠢ ᠶᠦᠩ᠂ ᠶᠠᠩ ᠵᠢᠶᠧ᠂ ᠳᠠᠩ ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ᠂ ᠴᠧᠨ ᠢᠦᠶ ᠮᠢᠩ᠂ ᠢᠦᠶ ᠸᠧᠶ ᠬᠤᠸᠠ᠂ ᠤᠳᠬᠤᠪᠠᠶᠠᠷ᠂ ᠯᠢ ᠭᠦᠸᠧ ᠯᠢᠨ᠂ ᠵᠦ ᠰᠢᠤᠢ ᠭᠤᠸᠠᠩ᠂ ᠪᠦᠦ ᠵᠢᠶᠧ᠂ ᠯᠢᠦ ᠸᠧᠨ ᠴᠢᠩ᠂ ᠡᠦ ᠴᠢᠩ ᠯᠢᠨ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
       ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠳᠣ ᠪᠠᠶᠢᠭ᠎ᠠ ᠲᠥᠯᠥᠭᠡᠯᠡᠭᠴᠢ 195 ᠬᠥᠮᠦᠨ ᠪᠠᠶᠢᠵᠤ᠂ ᠲᠤᠰ ᠤᠳᠠᠭᠠᠨ ᠤ ᠪᠥᠬᠦᠳᠡ ᠬᠤᠷᠠᠯ ᠳᠤ 177 ᠲᠥᠯᠥᠭᠡᠯᠡᠭᠴᠢ ᠣᠷᠣᠯᠴᠠᠨ᠂ ᠬᠠᠤᠯᠢ ᠴᠠᠭᠠᠵᠠ ᠶᠢᠨ ᠲᠣᠭᠲᠠᠭᠠᠯ ᠳᠠᠬᠢ ᠬᠥᠮᠦᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠬᠥᠬᠡᠪᠠᠷᠰ ᠬᠤᠷᠠᠯ ᠡᠷᠭᠢᠯᠡᠪᠡ᠃        ᠦᠳᠡ ᠶᠢᠨ ᠡᠮᠦᠨᠡᠬᠢ 7 ᠴᠠᠭ 50 ᠮᠢᠨᠦ᠋ᠲ ᠲᠤ᠂ ᠬᠥᠬᠡᠪᠠᠷᠰ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠬᠢᠯᠡᠭᠰᠡᠨ ᠢ ᠵᠠᠷᠯᠠᠵᠤ᠂ ᠪᠥᠬᠦ ᠬᠥᠮᠦᠰ ᠪᠣᠰᠴᠤ ᠵᠣᠭᠰᠣᠨ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃
       ᠬᠤᠰᠢᠭᠤᠨ ᠳᠠᠷᠤᠭ᠎ᠠ ᠴᠧᠨ ᠬᠤ᠋ ᠨᠠᠨ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠴᠧᠨ ᠬᠤ᠋ ᠨᠠᠨ ᠵᠢᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ ᠨᠠᠷᠢᠨ ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ᠂ ᠬᠦᠨᠳᠦ ᠨᠦᠰᠡᠷ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠵᠠᠰᠠᠭ ᠤᠨ ᠣᠷᠳᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠳᠠᠷᠤᠯᠲᠠ ᠶᠢ ᠲᠡᠰᠪᠦᠷᠢᠯᠡᠨ ᠡᠷᠡᠯᠬᠡᠭᠯᠡᠨ ᠤᠷᠤᠭᠰᠢᠯᠠᠵᠤ᠂ ᠬᠦᠴᠢᠷ ᠰᠡᠳᠦᠪ ᠢ ᠰᠢᠢᠳᠪᠦᠷᠢᠯᠡᠨ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠡᠶ ᠭᠡᠪᠡ᠃        ᠴᠧᠨ ᠬᠤ᠋ ᠨᠠᠨ ᠵᠢᠷᠭᠤᠭᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠢ ᠡᠷᠭᠢᠴᠡᠭᠦᠯᠪᠡ᠄ ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠪᠠ︔ ᠠᠵᠤ ᠦᠢᠯᠡᠰ ᠤᠨ ᠰᠠᠭᠤᠷᠢ ᠨᠠᠩ ᠪᠠᠬᠢᠵᠢᠪᠡ︔ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ︔ ᠬᠤᠲᠠ ᠬᠥᠳᠡᠭᠡ ᠶᠢᠨ ᠳᠦᠷᠰᠦ ᠪᠠᠶᠢᠳᠡᠯ ᠢᠯᠡᠳᠲᠡ ᠰᠠᠢᠵᠢᠷᠠᠪᠠ︔ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠪᠠ︔ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠯᠲᠠ ᠲᠠᠢ ᠪᠣᠯᠪᠠ᠃        ᠴᠧᠨ ᠬᠤ᠋ ᠨᠠᠨ ᠬᠡᠯᠡᠬᠦ ᠳᠤ ᠪᠠᠨ᠂ ᠨᠢᠭᠡ ᠵᠢᠯ ᠤᠨ ᠲᠤᠷᠰᠢ ᠪᠢᠳᠡ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠴᠥᠬᠦᠷᠠᠰᠢ ᠥᠬᠡᠶ ᠪᠠᠷᠢᠮᠲᠠᠯᠠᠭᠰᠠᠨ ᠠᠴᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠠᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠪᠥᠭᠡᠳ ᠪᠣᠳᠠᠲᠠᠶ ᠪᠠᠷ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ ᠳᠡᠭᠡᠭᠰᠢᠯᠡᠭᠦᠯᠪᠡ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 69 ᠬᠤᠪᠢ ᠰᠠᠨᠠᠯ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 59 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ᠃  ︽ᠠᠷᠪᠢᠯᠠᠨ ᠭᠠᠮᠨᠠᠵᠤ ᠠᠮᠢᠳᠤᠷᠠᠬᠤ︾ ᠳᠠᠳᠬᠠᠯ ᠲᠠᠢ ᠪᠣᠯᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠪ ᠬᠤᠷᠢᠶᠠᠨ ᠤ ᠨᠠᠢᠮᠠᠨ ᠵᠦᠢᠯ ᠤᠨ  ᠲᠣᠭᠲᠠᠭᠠᠯ ᠵᠢᠴᠢ ᠲᠡᠭᠦᠨ ᠤ ᠬᠡᠷᠡᠭᠵᠢᠭᠦᠯᠦᠯᠲᠡ ᠶᠢᠨ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 10.28 ᠳ᠋ᠦᠩᠰᠢᠭᠤᠷ ᠲᠥᠭᠦᠷᠢᠭ ᠠᠷᠢᠯᠭᠠᠪᠠ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠰᠠᠨᠠᠭᠠᠴᠢᠯᠠᠭ᠎ᠠ ᠠᠴᠠ ᠪᠠᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠬᠦ᠂ ᠬᠢᠨᠠᠨ ᠪᠣᠳᠣᠵᠤ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ᠂ ᠨᠢᠭᠦᠯᠡᠰᠦᠩᠭᠦᠶ ᠶᠢᠨ ᠦᠢᠯᠡᠰ ᠵᠡᠷᠭᠡ ᠲᠠᠯ᠎ᠠ ᠶᠢᠨ ᠠᠵᠢᠯ ᠨᠢ ᠴᠥᠮ ᠰᠢᠨ᠎ᠡ ᠬᠥᠭᠵᠢᠯᠲᠡ ᠶᠢ ᠪᠡᠶᠡᠯᠡᠭᠦᠯᠪᠡ᠃        2025 ᠣᠨ ᠤ ᠡᠯ᠎ᠡ ᠵᠦᠢᠯ ᠤᠨ ᠠᠵᠢᠯ ᠢ ᠰᠠᠢᠲᠤᠷ ᠬᠢᠬᠦ ᠲᠤᠬᠠᠶ ᠴᠧᠨ ᠬᠤ᠋ ᠨᠠᠨ ᠵᠢᠭᠠᠵᠤ ᠭᠠᠷᠭᠠᠭᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠡᠴᠦᠰ ᠤᠨ ᠵᠢᠯ ᠪᠥᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠡᠳᠬᠢᠮᠵᠢᠯᠡᠨ ᠲᠥᠯᠥᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠨ᠂ ᠤᠷᠤᠭᠰᠢᠯᠠᠭᠤᠯᠬᠤ ᠪᠠᠷ ᠲᠣᠭᠲᠠᠭᠤᠨ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠳᠠᠪᠰᠢᠬᠤ︾ ᠬᠠᠷᠠᠯᠲᠠ ᠶᠢ ᠣᠨᠢᠯᠠᠵᠤ᠂ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠤᠷᠲᠠᠯ ᠢᠶᠠᠨ ᠬᠤᠪᠢᠷᠠᠭᠤᠯᠤᠨ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠪᠣᠯᠤᠨ᠎ᠠ᠃ ᠭᠤᠤᠯ  ᠵᠢᠱᠢᠯᠲᠡ  ᠶᠢᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5% ᠣᠷᠴᠢᠮ ᠨᠡᠮᠡᠭᠳᠡᠭᠦᠯᠦᠨ᠂ ᠬᠡᠪᠴᠢᠶ᠎ᠡ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠨᠡᠮᠡᠭᠳᠡᠭᠦᠯᠦᠨ᠂ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 9% ᠣᠷᠴᠢᠮ ᠨᠡᠮᠡᠭᠳᠡᠭᠦᠯᠦᠨ᠎ᠡ ᠭᠡᠪᠡ᠃        ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠴᠧᠨ ᠬᠤ᠋ ᠨᠠᠨ ᠴᠢᠩᠭᠠᠳᠬᠠᠬᠤ ᠳᠤ       ᠪᠠᠨ᠂ ᠡᠨᠡ ᠵᠢᠯ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠢᠲᠤᠷ ᠬᠢᠨ᠎ᠡ᠄ ᠨᠢᠭᠡ ᠳᠤ᠂ ᠬᠥᠭᠵᠢᠯᠲᠡ ᠶᠢ ᠲᠦᠷᠭᠡᠳᠬᠡᠬᠦ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠦᠢᠯᠡᠴᠢᠯᠡᠭᠡᠨ ᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠬᠤᠶᠠᠷ ᠲᠤ᠂ ᠠᠭᠤᠰᠤᠯᠴᠠᠨ ᠬᠠᠮᠲᠤᠪᠠᠷ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠴᠢᠨᠠᠷ ᠳᠡᠰ ᠤᠨ ᠳᠡᠭᠡᠭᠰᠢᠯᠡᠯᠲᠡ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠡᠩᠭᠤᠶ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠨᠠᠩ ᠴᠢᠩᠭ᠎ᠠ ᠡᠷᠴᠢᠮ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠨᠠᠩ ᠥᠨᠳᠥᠷ ᠦᠷ᠎ᠡ ᠪᠦᠲᠦᠮᠵᠢ ᠪᠠᠷ ᠲᠥᠷᠥᠯ ᠵᠦᠢᠯ ᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠴᠦᠯᠡᠨ ᠴᠢᠩᠭᠠᠳᠬᠠᠨ᠎ᠠ᠃ ᠳᠥᠷᠪᠡ ᠳᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠳᠣᠪᠤᠶᠢᠯᠭᠠᠵᠤ᠂ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠲᠡᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ᠃ ᠲᠠᠪᠤ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠡᠷᠡᠭᠦᠯ ᠡᠩᠬᠡ ᠠᠷᠤ ᠬᠤᠷᠴᠢᠨ ᠬᠤᠰᠢᠭᠤ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠨ᠎ᠠ ᠭᠡᠵᠡᠶ᠃        ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠴᠧᠨ ᠬᠤ᠋ ᠨᠠᠨ ᠴᠢᠬᠤᠯᠠᠴᠢᠯᠠᠬᠤ ᠳᠠᠭᠠᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠨᠠᠭᠠᠰᠢ᠂ ᠢᠮᠠᠭᠲᠠ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠠᠶ ᠵᠠᠰᠠᠭ ᠤᠨ ᠣᠷᠳᠣᠨ᠂  ᠵᠢᠳᠬᠦᠯ ᠴᠢᠷᠮᠠᠢᠯᠭ᠎ᠠ ᠲᠠᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠠᠰᠠᠭ ᠶᠠᠪᠤᠭᠤᠯᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠭᠰᠡᠭᠡᠷ ᠢᠷᠡᠵᠡᠢ᠃ ᠣᠳᠣᠬᠠᠨ ᠳᠤ ᠬᠥᠭᠵᠢᠯᠲᠡ ᠶᠢᠨ ᠬᠡᠷᠡᠭᠴᠡᠭᠡ ᠰᠠᠭᠠᠷᠳᠠᠯᠭ᠎ᠠ᠂ ᠣᠯᠠᠨ ᠲᠦᠮᠡᠨ ᠤ ᠬᠦᠰᠡᠯ ᠡᠷᠡᠮᠡᠯᠵᠡᠯ ᠤᠨ ᠡᠮᠦᠨ᠎ᠡ  ᠪᠢᠳᠡ ᠦᠷᠭᠦᠯᠵᠢᠳᠡ ᠢᠮᠠᠭᠲᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠢ ᠬᠠᠷᠠᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠣᠯᠤᠨ᠎ᠠ ᠭᠡᠪᠡ᠃        ᠬᠠᠮᠤᠭ ᠤᠨ ᠰᠡᠭᠦᠯ ᠳᠤ᠂ ᠴᠧᠨ ᠬᠤ᠋ ᠨᠠᠨ ᠠᠴᠠ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠭᠰᠠᠨ ᠲᠤᠯᠠ᠂ ᠬᠦᠴᠦᠯᠡᠨ ᠴᠢᠷᠮᠠᠶᠢᠵᠤ ᠱᠠᠯᠠᠮᠠᠭᠠᠶᠢᠯᠠᠨ ᠠᠵᠢᠯᠯᠠᠬᠤ ᠬᠡᠷᠡᠭᠲᠡᠶ︔ ᠠᠭᠤᠯᠠ ᠤᠰᠤᠨ ᠤ ᠪᠡᠷᠬᠡ ᠪᠠᠷᠲᠠᠭ᠎ᠠ ᠳᠤ ᠰᠠᠭᠠᠲᠠᠯ      ᠥᠬᠡᠶ᠂ ᠡᠷᠴᠢᠯᠡᠨ ᠵᠢᠳᠬᠦᠵᠦ ᠡᠷᠡᠮᠡᠬᠡᠶᠢᠯᠡᠨ ᠤᠷᠤᠭᠰᠢᠯᠠᠬᠤ ᠬᠡᠷᠡᠭᠲᠡᠶ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠨ᠎ᠡ ᠬᠠᠷᠠᠯᠲᠠ ᠲᠡᠶᠢᠰᠢ ᠤᠷᠤᠭᠰᠢᠯᠠᠨ᠂ ᠰᠢᠨ᠎ᠡ ᠠᠶᠠᠨ ᠵᠠᠮ ᠳᠤ ᠭᠠᠪᠢᠶ᠎ᠠ ᠪᠠᠶᠢᠭᠤᠯᠵᠤ᠂ ᠣᠳᠣᠬᠢᠴᠢᠯᠠᠭᠰᠠᠨ ᠠᠷᠤ ᠬᠤᠷᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠡᠶ︕  
       ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ  ᠶᠢ ᠬᠢᠪᠡ᠃ ᠲᠡᠷᠡ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75  ᠵᠢᠯ ᠤᠨ ᠣᠢ ᠮᠥᠷᠲᠡᠭᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ᠂ ᠪᠠᠰᠠ ᠴᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠡᠷᠡᠰ ᠦᠢᠯᠡᠳᠦᠯᠭᠡᠵᠢᠭᠦᠯᠦᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠴᠢᠷᠮᠠᠶᠢᠨ ᠦᠢᠯᠡᠳᠦᠯᠭᠡᠵᠢᠭᠦᠯᠦᠨ ᠬᠥᠭᠵᠢᠭᠦᠯᠵᠦ᠂ ᠡᠯ᠎ᠡ ᠵᠦᠢᠯ ᠤᠨ ᠣᠨ ᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳᠴᠢᠯᠡᠯ ᠬᠠᠤᠯᠢᠵᠢᠯ ᠤᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠪᠡ ᠭᠡᠵᠡᠶ᠃        ᠵᠠᠩ ᠬᠤᠩ ᠰᠢᠨ ᠠᠴᠠ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠡᠨᠡ ᠬᠦ ᠲᠡᠷᠢᠭᠦᠨ ᠴᠢᠬᠤᠯᠠ ᠵᠠᠷᠴᠢᠮ ᠢ ᠪᠠᠷᠢᠮᠲᠠᠯᠠᠵᠤ᠂ ᠵᠥᠪ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠭᠰᠡᠨ︔ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠡᠨᠡ ᠬᠦ ᠴᠢᠬᠤᠯᠠ ᠲᠤᠰᠢᠶᠠᠯ ᠬᠠᠷᠢᠭᠤᠴᠠᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠭᠰᠠᠨ︔ ᠭᠤᠤᠯ ᠠᠵᠢᠯ ᠲᠠᠢ ᠤᠶᠠᠯᠳᠤᠭᠤᠯᠤᠨ ᠶᠡᠭᠡ ᠲᠠᠯ᠎ᠠ ᠳᠤ ᠦᠢᠯᠡᠴᠢᠯᠡᠬᠦ ᠡᠨᠡ ᠬᠦ ᠢᠯᠡ ᠲᠣᠳᠣ ᠭᠤᠤᠯ ᠰᠡᠳᠦᠪ ᠢ ᠢᠮᠠᠭᠲᠠ ᠪᠠᠷᠢᠮᠲᠠᠯᠠᠵᠤ᠂ ᠵᠥᠪ ᠪᠥᠭᠡᠳ ᠪᠦᠲᠦᠮᠵᠢᠲᠡᠶ ᠬᠠᠤᠯᠢ ᠶᠣᠰᠣᠭᠠᠷ ᠬᠢᠨᠠᠯᠲᠠ ᠲᠠᠯᠪᠢᠭᠰᠠᠨ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠨᠡᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠢᠮᠠᠭᠳᠠ ᠪᠠᠷᠢᠮᠲᠠᠯᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠦᠢᠯᠡᠴᠢᠯᠡᠵᠦ ᠪᠠᠲᠤᠯᠠᠭᠰᠠᠨ︔ ︽ᠳᠥᠷᠪᠡᠨ ᠪᠠᠶᠢᠭᠤᠯᠭ᠎ᠠ︾ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠭᠰᠠᠨ ᠵᠡᠷᠭᠡ ᠲᠠᠪᠤᠨ ᠲᠠᠯ᠎ᠠ ᠪᠠᠷ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠭᠤᠤᠯ ᠠᠵᠢᠯ ᠢ ᠳ᠋ᠦᠩᠨᠡᠪᠡ᠃ ᠵᠠᠩ ᠬᠤᠩ ᠰᠢᠨ ᠶᠠᠷᠢᠶᠠᠨ ᠳᠠᠭᠠᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠨ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠣᠨᠣᠪᠴᠢᠲᠠᠶ ᠪᠠᠶᠢᠷᠢ ᠲᠣᠭᠲᠠᠭᠠᠯᠲᠠ᠂ ᠣᠬᠢ ᠰᠡᠳᠬᠢᠴᠡ᠂ ᠨᠠᠷᠢᠯᠢᠭ ᠬᠢᠨᠠᠯᠲᠠ᠂ ᠰᠣᠳᠣᠨ ᠲᠥᠯᠥᠭᠡᠯᠡᠭᠴᠢ᠂ ᠰᠢᠯᠢᠳᠡᠭ ᠰᠠᠨᠠᠭᠤᠯᠭ᠎ᠠ᠂ ᠦᠨᠡᠨᠴᠢ ᠬᠠᠮᠲᠤ ᠶᠢᠨ ᠵᠠᠰᠠᠯᠲᠠ︾ ︽ᠵᠢᠷᠭᠤᠭᠠᠨ ᠣᠬᠢ ᠶᠢᠨ ᠣᠶᠢᠯᠠᠭᠠᠭᠳᠠᠬᠤᠨ︾ ᠢ ᠪᠤᠢ ᠪᠣᠯᠭᠠᠵᠤ᠂ ᠣᠷᠣᠨ ᠨᠤᠲᠤᠭ ᠤᠨ ᠲᠥᠷᠥ ᠶᠢᠨ ᠡᠷᠬᠡᠲᠦ ᠪᠠᠶᠢᠭᠤᠯᠭ᠎ᠠ ᠶᠢᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠂ ᠪᠥᠬᠦ ᠶᠠᠪᠤᠴᠠ ᠳᠤ ᠠᠷᠠᠳ ᠤᠨ ᠠᠷᠠᠳᠴᠢᠯᠠᠯᠲᠤ ᠠᠷᠤ ᠬᠤᠷᠴᠢᠨ ᠬᠤᠰᠢᠭᠤ ᠶᠢᠨ ᠦᠢᠯᠡᠳᠦᠯᠭᠡ ᠶᠢ ᠢᠳᠡᠪᠬᠢᠲᠡᠶ ᠲᠦᠯᠬᠢᠨ ᠠᠬᠢᠭᠤᠯᠵᠤ᠂ ᠨᠡᠶᠢᠭᠡᠮ  ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠴᠢᠷᠮᠠᠶᠢᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ  ᠃ 2025 ᠣᠨ ᠳᠤ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠥᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ ᠤᠯᠤᠰ ᠳᠥᠷᠥ ᠶᠢᠨ ᠬᠥᠲᠥᠯᠥᠨ ᠳᠠᠭᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠵᠣᠭᠰᠣᠴᠠ ᠠᠴᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︔ ᠬᠤᠶᠠᠷ ᠲᠤ᠂ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠳᠬᠠᠨ᠎ᠠ︔ ᠭᠤᠷᠪᠠ ᠳᠤ᠂ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠰᠢᠯᠢᠳᠡᠭ ᠦᠢᠯᠡᠴᠢᠯᠡᠭᠡ ᠪᠠᠷ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠨ᠎ᠠ︔ ᠳᠥᠷᠪᠡ ᠳᠤ᠂ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠪᠠᠷᠢᠮᠵᠢᠶ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ ᠭᠡᠵᠡᠶ᠃
       ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠯᠥᠪᠰᠢᠷᠡᠭᠰᠡᠨ ᠪᠠᠶᠢᠳᠡᠯ ᠤᠨ ᠲᠤᠬᠠᠶ ᠮᠡᠳᠡᠭᠦᠯᠦᠯᠲᠡ ᠬᠢᠪᠡ  ᠃ 2024 ᠣᠨ ᠳᠤ᠂ ᠬᠤᠰᠢᠭᠤᠨ ᠠᠷᠠᠳ ᠤᠨ ᠲᠥᠯᠥᠭᠡᠯᠡᠭᠴᠢ ᠪᠢᠯᠧᠲ ᠥᠭᠴᠦ ᠪᠠᠲᠤᠯᠠᠯᠲᠠ ᠬᠢᠬᠦ ᠪᠠᠷ ᠳᠠᠮᠵᠢᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠥᠭᠡᠷᠡᠴᠢᠯᠡᠯᠲᠡ ᠶᠢᠨ ᠳᠤᠲᠠᠭᠤᠳᠠᠯ ᠢ ᠨᠥᠬᠦᠪᠥᠷᠢᠯᠡᠬᠦ᠂ ᠴᠢᠪᠠᠭ᠎ᠠ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠴᠢᠳᠠᠮᠵᠢ ᠶᠢᠨ ᠲᠠᠰᠤᠭ ᠤᠨ ᠥᠭᠡᠷᠡᠴᠢᠯᠡᠯᠲᠡ᠂ ᠱᠣᠣ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ᠂ ᠬᠠᠨᠰᠦ᠋ᠮ᠎ᠡ ᠰᠤᠮᠤ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ᠂ ᠪᠢ ᠱᠦᠶ ᠵᠢᠶᠠ ᠶᠤᠸᠠᠨ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠶᠢᠨ ᠭᠤᠳᠤᠮᠵᠢᠨ ᠵᠠᠮ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠤᠤᠷ ᠤᠨ ᠥᠭᠡᠷᠡᠴᠢᠯᠡᠯᠲᠡ ᠶᠢᠨ ᠢᠨᠵᠧᠨᠧᠷᠢᠩ᠂ X211 ᠱᠤᠭᠤᠮ ᠤᠨ ᠶᠠᠩ ᠱᠤ᠋ ᠯᠢᠨ ᠠᠴᠠ ᠸᠠᠩ ᠶᠧ ᠡᠾᠦ᠋ᠸᠧ ᠹᠠᠩ ᠬᠦᠷᠬᠦ ᠵᠠᠰᠠᠮᠠᠯ ᠵᠠᠮ ᠤᠨ ᠢᠨᠵᠧᠨᠧᠷᠢᠩ᠂ 2024 ᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠬᠥᠭᠦᠷᠭᠡ ᠶᠢ ᠪᠠᠬᠢᠵᠢᠭᠦᠯᠦᠨ ᠥᠭᠡᠷᠡᠴᠢᠯᠡᠬᠦ ᠢᠨᠵᠧᠨᠧᠷᠢᠩ᠂ 2024 ᠣᠨ ᠤ ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠵᠡᠷᠭᠡ ᠬᠤᠰᠢᠭᠤᠨ ᠱᠠᠲᠤᠨ ᠤ 10 ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠨ᠂ 9012 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ 2025 ᠣᠨ ᠳᠤ᠂ ᠬᠦ᠋ ᠱᠠᠨ ᠽᠢ ᠠᠴᠠ ᠵᠢᠭᠠᠰᠤᠲᠠᠶ ᠬᠦᠷᠬᠦ ᠵᠠᠰᠠᠮᠠᠯ ᠵᠠᠮ ᠤᠨ ᠢᠨᠵᠧᠨᠧᠷᠢᠩ᠂ ᠪᠠᠯᠴᠢᠷᠤᠳ ᠰᠤᠮᠤ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠷᠭᠡᠳᠬᠡᠨ ᠪᠠᠶᠢᠭᠤᠯᠵᠤ ᠰᠡᠯᠪᠢᠨ ᠵᠠᠰᠠᠬᠤ᠂ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ ᠶᠢᠨ ᠣᠯᠠᠨ ᠴᠢᠳᠠᠪᠬᠢᠲᠤ ᠬᠢᠴᠢᠶᠡᠯ ᠤᠨ ᠭᠡᠷ ᠤᠨ ᠪᠦᠲᠦᠭᠡᠨ ᠪᠠᠶᠢᠭᠤᠯᠤᠯᠲᠠ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠥᠭᠡᠷᠡᠴᠢᠯᠡᠬᠦ᠂ ᠾᠧ ᠫᠢᠩ ᠪᠠᠷᠠᠭᠤᠨ ᠵᠡᠭᠡᠯᠢ ᠶᠢᠨ ᠤᠰᠤ ᠬᠠᠩᠭᠠᠬᠤ ᠭᠠᠳᠠᠭᠰᠢᠯᠠᠭᠤᠯᠬᠤ ᠬᠤᠭᠤᠯᠠᠶ ᠶᠢ ᠵᠠᠰᠠᠨ ᠥᠭᠡᠷᠡᠴᠢᠯᠡᠬᠦ᠂ ᠴᠡᠴᠡᠷᠯᠢᠭ ᠵᠡᠭᠡᠯᠢ ᠶᠢᠨ ᠤᠰᠤ ᠬᠠᠩᠭᠠᠬᠤ ᠭᠠᠳᠠᠭᠰᠢᠯᠠᠭᠤᠯᠬᠤ ᠬᠤᠭᠤᠯᠠᠶ ᠶᠢ ᠵᠠᠰᠠᠨ ᠥᠭᠡᠷᠡᠴᠢᠯᠡᠬᠦ᠂ ᠰᠢᠲᠠᠮᠠᠬᠠᠶ ᠬᠡᠢ ᠶᠢᠨ ︽ᠯᠣᠩᠬᠤ ᠶᠢ ᠬᠤᠭᠤᠯᠠᠶ ᠪᠣᠯᠭᠠᠬᠤ︾ ᠥᠭᠡᠷᠡᠴᠢᠯᠡᠯᠲᠡ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠯᠲᠠ᠂ ᠲᠠᠷᠢᠶᠠᠨ ᠭᠠᠵᠠᠷ ᠢ ᠭᠦᠨ ᠬᠠᠭᠠᠯᠪᠤᠷᠢᠯᠠᠵᠤ ᠬᠥᠷᠥᠰᠥ ᠶᠢ ᠰᠤᠯᠠᠷᠠᠭᠤᠯᠬᠤ᠂ ᠬᠤᠨᠳᠣ ᠪᠠᠯᠭᠠᠰᠤ ᠶᠢᠨ ᠣᠩᠭᠤᠨᠮᠣᠲᠤ ᠭᠠᠴᠠᠭ᠎ᠠ ᠶᠢᠨ ᠰᠢᠨ᠎ᠡ ᠪᠠᠷ ᠪᠠᠶᠢᠭᠤᠯᠤᠭᠰᠠᠨ ᠳᠤᠭᠤᠶᠢᠯᠠᠩ ᠤᠨ ᠬᠤᠭᠤᠷᠣᠨᠳᠣᠬᠢ ᠱᠦᠢᠨᠢ ᠵᠠᠮ ᠤᠨ ᠢᠨᠵᠧᠨᠧᠷᠢᠩ᠂ ᠱᠤᠸᠠᠩ ᠱᠧᠩ ᠪᠠᠯᠭᠠᠰᠤ ᠶᠢᠨ ᠪᠠᠯᠭᠠᠰᠤᠨ ᠲᠣᠭᠤᠷᠢᠭ ᠤᠨ ᠲᠥᠪᠯᠡᠷᠡᠭᠦᠯᠦᠨ ᠤᠰᠤ ᠬᠠᠩᠭᠠᠬᠤ ᠬᠤᠭᠤᠯᠠᠶ ᠶᠢ ᠥᠭᠡᠷᠡᠴᠢᠯᠡᠨ ᠰᠠᠶᠢᠵᠢᠷᠠᠭᠤᠯᠬᠤ ᠵᠡᠷᠭᠡ 12  ᠵᠢᠱᠢᠭᠳᠡᠭᠰᠡᠨ ᠲᠥᠷᠥᠯ ᠵᠦᠢᠯ ᠢ ᠲᠥᠯᠥᠪᠰᠢᠷᠡᠭᠦᠯᠵᠦ᠂ ᠨᠡᠶᠢᠲᠡ 12016.2 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠬᠢᠬᠦ ᠪᠠᠷ ᠲᠥᠯᠥᠪᠯᠡᠵᠦ     ᠪᠣᠶ᠃
       ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠦ ᠰᠢᠤᠢ ᠭᠤᠸᠠᠩ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠲᠡᠷᠡ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ     ᠲᠥᠪᠯᠡᠷᠡᠭᠦᠯᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠭᠰᠠᠨ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠬᠦᠷᠲᠡᠮᠵᠢ ᠶᠢᠨ ᠲᠥᠷᠥᠭᠳᠡᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠭᠰᠡᠨ︔ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠶᠢ      ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ ᠡᠩᠨᠡᠭᠡ ᠶᠢ ᠪᠤᠢ ᠪᠣᠯᠭᠠᠭᠰᠠᠨ ᠵᠡᠷᠭᠡ ᠭᠤᠷᠪᠠᠨ ᠲᠠᠯ᠎ᠠ ᠪᠠᠷ 2024 ᠣᠨ ᠤ ᠭᠤᠤᠯ ᠠᠵᠢᠯ ᠢᠶᠠᠨ ᠡᠷᠭᠢᠴᠡᠭᠦᠯᠦᠨ ᠳ᠋ᠦᠩᠨᠡᠪᠡ᠃ ᠵᠦ ᠰᠢᠤᠢ ᠭᠤᠸᠠᠩ ᠬᠡᠯᠡᠬᠦ ᠳᠡᠭᠡᠨ᠂ 2025 ᠣᠨ ᠳᠤ ᠬᠤᠰᠢᠭᠤᠨ ᠠᠷᠠᠳ ᠤᠨ ᠰᠢᠭᠦᠬᠦ ᠬᠤᠷᠢᠶ᠎ᠠ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ  ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ︔ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠪᠠᠲᠤᠯᠠᠨ᠎ᠠ︔ ᠵᠥᠷᠢᠴᠡᠯ ᠢ ᠨᠠᠮᠳᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯᠲᠦ ᠦᠨᠳᠦᠰᠦᠨ ᠪᠠᠶᠢᠳᠠᠯ ᠢ  ᠦᠷᠭᠦᠯᠵᠢᠯᠡᠨ ᠪᠠᠬᠢᠵᠢᠭᠦᠯᠦᠨ᠎ᠡ︔ ᠣᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠶ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ︔ ᠰᠤᠷᠲᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠭᠦᠬᠦ ᠬᠤᠷᠢᠶᠠᠨ ᠤ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠰᠢᠭᠦᠨ ᠲᠠᠰᠤᠯᠬᠤ ᠶᠢᠨ  ᠭᠦᠢᠴᠡᠳᠬᠡᠬᠦ ᠴᠢᠨᠠᠷ ᠴᠢᠨᠰᠠᠭ᠎ᠠ ᠪᠠ ᠨᠡᠶᠢᠭᠡᠮ ᠨᠡᠶᠢᠲᠡ ᠶᠢᠨ ᠢᠲᠡᠭᠡᠮᠵᠢ ᠶᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ ᠭᠡᠪᠡ᠃
       ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠵᠢᠶᠧ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠲᠡᠷᠡ᠂ ᠨᠠᠩ ᠰᠢᠯᠢᠳᠡᠭ ᠦᠢᠯᠡᠴᠢᠯᠡᠭᠡ ᠪᠠᠷ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠬᠠᠮᠠᠭᠠᠯᠠᠭᠰᠠᠨ︔ ᠠᠷᠠᠳ ᠤᠨ ᠲᠥᠯᠥᠭᠡ ᠵᠢᠳᠬᠦᠬᠦ ᠭᠦᠨ ᠵᠤᠵᠠᠭᠠᠨ ᠰᠡᠳᠬᠢᠯᠭᠡ ᠪᠠᠷ ᠠᠷᠠᠳ ᠤᠨ ᠠᠮᠢᠳᠤᠷᠠᠯ ᠤᠨ ᠪᠠᠶᠢᠴᠠᠭᠠᠬᠤ ᠠᠵᠢᠯ ᠢ ᠦᠷᠭᠦᠯᠵᠢᠯᠡᠨ ᠰᠢᠯᠢᠳᠡᠭᠵᠢᠭᠦᠯᠦᠨ ᠪᠣᠳᠠᠲᠠᠶᠢᠵᠢᠭᠤᠯᠤᠭᠰᠠᠨ︔ ᠨᠠᠩ ᠪᠣᠳᠠᠲᠠᠶ ᠶᠢ ᠡᠷᠬᠢᠮᠯᠡᠭᠰᠡᠨ ᠬᠠᠷᠢᠭᠤᠴᠠᠯᠭ᠎ᠠ ᠡᠭᠦᠷᠭᠡᠯᠡᠯ ᠢᠶᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠴᠢᠩᠭᠠᠳᠬᠠᠭᠰᠠᠨ︔ ᠨᠠᠩ ᠴᠢᠩᠭ᠎ᠠ ᠪᠠᠷᠢᠮᠵᠢᠶ᠎ᠠ ᠶᠢᠨ ᠰᠠᠭᠠᠷᠳᠠᠯᠭ᠎ᠠ ᠪᠠᠷ ᠴᠠᠭᠠᠷᠠᠭᠰᠠᠨ ᠪᠠᠶᠢᠴᠠᠭᠠᠬᠤ ᠡᠩᠨᠡᠭᠡ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠤᠭᠰᠠᠨ ᠵᠡᠷᠭᠡ ᠳᠥᠷᠪᠡᠨ ᠲᠠᠯ᠎ᠠ ᠪᠠᠷ 2024 ᠣᠨ ᠤ ᠭᠤᠤᠯ ᠠᠵᠢᠯ ᠢᠶᠠᠨ ᠡᠷᠭᠢᠴᠡᠭᠦᠯᠦᠨ ᠳ᠋ᠦᠩᠨᠡᠪᠡ᠃ ᠪᠦᠦ ᠵᠢᠶᠧ ᠬᠡᠯᠡᠬᠦ ᠳᠡᠭᠡᠨ᠂ 2025 ᠣᠨ ᠳᠤ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠨᠢ ᠤᠯᠤᠰ ᠲᠥᠷᠥ ᠶᠢᠨ ᠰᠡᠳᠬᠢᠬᠦᠶ ᠪᠠᠷ ᠪᠠᠶᠢᠴᠠᠭᠠᠬᠤ ᠠᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠠᠷᠭ᠎ᠠ ᠵᠠᠮ ᠢ ᠣᠨᠣᠪᠴᠢᠲᠠᠶ ᠡᠷᠢᠵᠦ᠂ ᠠᠰᠠᠭᠤᠳᠠᠯ ᠤᠨ ᠤᠳᠤᠷᠢᠳᠤᠮᠵᠢ ᠪᠠᠷ ᠳᠥᠷᠪᠡᠨ ᠶᠡᠭᠡ ᠪᠠᠶᠢᠴᠠᠭᠠᠬᠤ ᠠᠵᠢᠯ ᠤᠨ ᠪᠦᠬᠦ ᠲᠠᠯ᠎ᠠ ᠶᠢᠨ ᠵᠣᠬᠢᠴᠡᠩᠭᠤᠶ ᠭᠦᠢᠴᠡᠳ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠬᠠᠷᠠᠭᠠᠰᠤ ᠠᠴᠠ ᠥᠨᠳᠥᠷ ᠬᠡᠪ ᠪᠣᠯᠪᠠᠰᠤᠷᠠᠯ ᠲᠠᠢ ᠪᠠᠶᠢᠴᠠᠭᠠᠬᠤ ᠡᠩᠨᠡᠭᠡ ᠶᠢ ᠬᠥᠮᠦᠵᠢᠭᠦᠯᠬᠦ ᠶᠢ ᠬᠥᠲᠥᠯᠥᠨ ᠳᠠᠭᠠᠭᠤᠯᠵᠤ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ︾ ᠪᠠᠷ ᠥᠷᠲᠡᠭ ᠤᠨ ᠬᠥᠭᠡᠭᠡᠴᠡᠯᠳᠦᠯ ᠪᠣᠯᠭᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ ᠬᠤᠰᠢᠭᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶ ᠲᠦᠯᠬᠢᠨ ᠠᠬᠢᠭᠤᠯᠬᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠠᠷᠤ ᠬᠤᠷᠴᠢᠨ ᠬᠤᠰᠢᠭᠤ᠂ ᠬᠠᠤᠯᠢᠵᠢᠯ ᠤᠨ ᠠᠷᠤ ᠬᠤᠷᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ ᠭᠡᠵᠡᠶ᠃        ᠬᠤᠷᠠᠯ ᠠᠴᠠ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ᠂ ᠠᠷᠤ ᠬᠤᠷᠴᠢᠨ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ         ︵ᠲᠥᠰᠦᠯ︶ ᠤᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠪᠠ᠃        ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠷᠠᠯ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠪᠢᠯᠧᠲ ᠥᠭᠴᠦ ᠪᠠᠲᠤᠯᠠᠬᠤ ᠠᠷᠭ᠎ᠠ ︵ᠲᠥᠰᠦᠯ︶ ᠪᠣᠯᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ  ︵ᠲᠥᠰᠦᠯ︶ ᠢ ᠪᠠᠲᠤᠯᠠᠪᠠ  ᠃ 2025 ᠣᠨ ᠤ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠷ ᠵᠢᠱᠢᠭᠳᠡᠭᠰᠡᠨ ᠲᠥᠷᠥᠯ ᠵᠦᠢᠯ ᠢ ᠨᠡᠶᠢᠲᠡᠯᠡᠪᠡ᠃
       ᠠᠷᠤ ᠬᠤᠷᠴᠢᠨ ᠬᠤᠰᠢᠭᠤᠨ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠤ ᠬᠤᠷᠴᠢᠨ ᠬᠤᠰᠢᠭᠤᠨ ᠳᠤ ᠰᠠᠭᠤᠭ᠎ᠠ ᠲᠥᠪ ᠣᠷᠣᠨ ᠬᠤᠲᠠ ᠶᠢᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠪᠠ᠃ ︵ᠬᠠᠮ ᠵᠠᠭᠤᠴᠢᠯᠠᠭᠤᠷ ᠤᠨ ᠲᠥᠪ ᠤᠨ ᠪᠦᠬᠦ ᠰᠤᠷᠪᠤᠯᠵᠢᠯᠠᠭᠴᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号