ᠴᠧᠨ ᠬᠤ᠋ ᠨᠠᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠯᠪᠣᠭᠠᠯᠠᠭᠰᠠᠨ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/21
       1 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ      ᠡᠲᠡᠭᠡᠳ᠂ ᠠᠵᠤ ᠠᠬᠤᠶ ᠶᠢᠨ ᠡᠲᠡᠭᠡᠳ᠂ ᠲᠠᠷᠢᠶᠠᠯᠠᠩ ᠮᠠᠯ ᠠᠵᠤ ᠠᠬᠤᠶ ᠶᠢᠨ ᠡᠲᠡᠭᠡᠳ ᠤᠨ ᠭᠡᠰᠢᠭᠦᠳ ᠤᠨ ᠬᠤᠯᠪᠣᠭᠠᠯᠠᠭᠰᠠᠨ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠤ ᠬᠤᠷᠴᠢᠨ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠶ ᠮᠢᠩ ᠬᠤᠷᠠᠯ ᠢ ᠡᠷᠬᠢᠯᠡᠵᠦ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠯᠢ ᠭᠦᠸᠧᠧ ᠯᠢᠨ ᠶᠠᠷᠢᠯᠴᠠᠭ᠎ᠠ ᠳᠤ ᠣᠷᠣᠯᠴᠠᠪᠠ᠃          ᠬᠤᠷᠠᠯ ᠳᠡᠭᠡᠷ᠎ᠡ᠂ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠬᠠᠷᠠᠯᠲᠠ᠂ ᠠᠷᠭ᠎ᠠ ᠬᠡᠮᠵᠢᠶ᠎ᠡ᠂ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠪᠠᠷ ᠰᠠᠨᠠᠯ ᠪᠤᠳᠤᠯ ᠢᠶᠠᠨ ᠰᠣᠯᠢᠯᠴᠠᠨ ᠶᠠᠷᠢᠯᠴᠠᠪᠠ᠃
       ᠴᠧᠨ ᠬᠤ᠋ ᠨᠠᠨ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠨᠢᠭᠡᠳ ᠨᠢᠭᠡ ᠪᠠᠷ ᠬᠠᠷᠢᠭᠤ ᠥᠭᠴᠦ᠂ ᠶᠠᠷᠢᠯᠴᠠᠭ᠎ᠠ ᠮᠠᠰᠢ ᠬᠥᠷ ᠬᠥᠭᠵᠢᠶᠡᠨ ᠲᠠᠢ ᠶᠠᠪᠤᠭᠳᠠᠪᠠ᠃ ᠲᠡᠷᠡ ᠢᠯᠡᠷᠬᠡᠶᠢᠯᠡᠬᠦ ᠳᠡᠭᠡᠨ᠂ ᠭᠡᠰᠢᠭᠦᠳ ᠠᠷᠤ ᠬᠤᠷᠴᠢᠨ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠮᠠᠰᠢ ᠤᠯᠠᠨ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠠᠨᠠᠯ ᠰᠠᠨᠠᠭᠤᠯᠭ᠎ᠠ ᠳᠤᠷᠠᠳᠴᠠᠶ᠂ ᠬᠤᠰᠢᠭᠤᠨ ᠵᠠᠰᠠᠭ ᠤᠨ ᠣᠷᠳᠣᠨ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠭᠦᠢᠴᠡᠳ ᠰᠢᠩᠭᠡᠭᠡᠨ ᠠᠪᠴᠤ᠂ ᠰᠠᠨᠠᠯ ᠰᠠᠨᠠᠭᠤᠯᠭ᠎ᠠ᠂ ᠠᠷᠭ᠎ᠠ ᠪᠣᠳᠣᠯᠭ᠎ᠠ ᠶᠢ ᠦᠨᠡᠨ ᠬᠦ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ ᠭᠡᠪᠡ᠃        ᠴᠧᠨ ᠬᠤ᠋ ᠨᠠᠨ ᠴᠢᠬᠤᠯᠠᠴᠢᠯᠠᠬᠤ ᠳᠠᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠲᠡᠭᠡᠳ᠂ ᠠᠵᠤ ᠠᠬᠤᠶ ᠶᠢᠨ ᠡᠲᠡᠭᠡᠳ᠂ ᠲᠠᠷᠢᠶᠠᠯᠠᠩ ᠮᠠᠯ ᠠᠵᠤ ᠠᠬᠤᠶ ᠶᠢᠨ ᠡᠲᠡᠭᠡᠳ ᠤᠨ ᠭᠡᠰᠢᠭᠦᠳ ᠤᠨ ᠣᠯᠠᠩᠭᠢ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠮᠡᠷᠭᠡᠵᠢᠯᠲᠡᠨ᠂ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠲᠠᠷᠢᠮᠠᠯ ᠲᠡᠵᠢᠭᠡᠪᠦᠷᠢ ᠶᠢᠨ ᠲᠣᠮᠣ ᠡᠷᠦᠬᠡ ᠪᠠᠶᠢᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠨ᠂ ᠤᠯᠤᠰ ᠲᠥᠷᠥ ᠶᠢᠨ ᠵᠥᠪᠯᠡᠯᠭᠡ ᠥᠭᠬᠦ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠰᠠᠶᠢᠲᠤᠷ ᠭᠦᠢᠴᠡᠳᠬᠡᠨ᠂ ᠰᠣᠳᠣ ᠮᠡᠷᠭᠡᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ  ᠴᠢᠳᠠᠯ ᠢᠶᠠᠨ ᠡᠷᠭᠦᠬᠦ ᠬᠡᠷᠡᠭᠲᠡᠶ︔ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠡᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠨᠵᠡᠭᠡᠶ ᠰᠤᠳᠤᠯᠵᠤ᠂ ᠭᠤᠤᠯ ᠠᠵᠢᠯ ᠢᠶᠠᠨ ᠬᠦᠴᠦᠷᠬᠡᠭᠵᠢᠭᠦᠯᠦᠨ᠂ ᠡᠵᠡᠩᠨᠡᠯᠲᠡ ᠪᠠᠨ ᠰᠢᠯᠢᠳᠡᠭᠵᠢᠭᠦᠯᠵᠦ᠂ ᠠᠵᠠ ᠲᠣᠬᠢᠶᠠᠯ ᠢ ᠠᠮᠵᠢᠨ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠠᠷᠠᠳ ᠤᠨ ᠡᠵᠡᠩᠨᠡᠯᠲᠠ ᠶᠢᠨ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ︔ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠬᠥᠭᠵᠢᠯᠲᠡ ᠳᠤ ᠠᠭᠤᠰᠤᠯᠴᠠᠨ᠂ ᠪᠥᠬᠦ ᠲᠠᠯ᠎ᠠ ᠶᠢ ᠪᠣᠳᠣᠯᠬᠢᠯᠠᠵᠤ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠠᠷᠤ ᠬᠤᠷᠴᠢᠨ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ ᠭᠡᠪᠡ᠃ ︵ᠰᠠᠶᠢᠬᠠᠠᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号