ᠸᠧᠶ ᠪᠢᠯᠢᠭ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠯᠪᠣᠭᠠᠯᠠᠭᠰᠠᠨ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/21
       1 ᠰᠠᠷ᠎ᠠ ᠶᠢᠨ 20 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠯᠪᠣᠭᠠᠯᠠᠭᠰᠠᠨ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠶᠠᠷᠢᠯᠴᠠᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠤ ᠬᠤᠷᠴᠢᠨ ᠬᠤᠰᠢᠭᠤᠨ ᠤ ᠢᠷᠡᠭᠡᠳᠦᠶ ᠶᠢᠨ ᠬᠥᠭᠵᠢᠯᠲᠡ ᠶᠢᠨ ᠲᠤᠬᠠᠶ ᠠᠭᠤᠵᠢᠷᠠᠲᠠᠯ᠎ᠠ ᠶᠠᠷᠢᠯᠴᠠᠪᠠ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠦᠸᠧ ᠹᠧᠩ ᠶᠠᠷᠢᠯᠴᠠᠬᠤ ᠬᠤᠷᠠᠯ ᠳᠤ ᠣᠷᠣᠯᠴᠠᠪᠠ᠃        ᠰᠡᠷᠭᠦᠯᠡᠩ ᠬᠤᠷᠠᠯ ᠢ ᠡᠷᠭᠢᠯᠡᠪᠡ᠃        ᠶᠠᠷᠢᠯᠴᠠᠬᠤ ᠳᠤᠮᠳᠠ᠂ ᠭᠡᠰᠢᠭᠦᠳ ᠢᠳᠡᠪᠬᠢᠲᠡᠶ ᠪᠠᠷ ᠪᠣᠳᠣᠯ ᠰᠠᠨᠠᠯ ᠢᠶᠠᠨ ᠶᠠᠷᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ 2024 ᠣᠨ ᠤ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠳ᠋ᠦᠩᠨᠡᠨ᠂ 2025 ᠣᠨ ᠤ ᠠᠵᠢᠯ ᠤᠨ ᠬᠠᠷᠠᠯᠲᠠ ᠶᠢ  ᠪᠠᠶᠢᠷᠢᠯᠠᠭᠤᠯᠤᠭᠰᠠᠨ ᠨᠢ ᠲᠣᠳᠣᠷᠬᠠᠶ ᠪᠠᠶᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠴᠢᠭᠯᠡᠯ ᠢᠶᠠᠨ ᠲᠣᠳᠣᠷᠬᠠᠶᠢᠯᠠᠵᠤ᠂ ᠬᠥᠭᠵᠢᠯᠲᠡ ᠶᠢ ᠵᠢᠯᠣᠭᠤᠳᠤᠭᠰᠠᠨ ᠰᠠᠶᠢᠨ ᠢᠯᠡᠳᠬᠡᠯ ᠪᠣᠯᠵᠠᠶ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ ᠪᠠᠶᠢᠬᠤ ᠶᠢᠨ ᠬᠠᠮᠲᠤ᠂ ᠠᠷᠤ ᠬᠤᠷᠴᠢᠨ ᠬᠤᠰᠢᠭᠤᠨ ᠤ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠠᠶ᠃
       ᠸᠧᠶ ᠪᠢᠯᠢᠭ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠣᠯᠠᠨ ᠲᠠᠢ ᠰᠠᠨᠠᠯ ᠢᠶᠠᠨ ᠰᠣᠯᠢᠯᠴᠠᠨ᠂ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠨ᠎ᠠ᠃ ᠲᠡᠷᠡ ᠵᠢᠭᠠᠬᠤ ᠳᠠᠭᠠᠨ᠂ ᠭᠡᠰᠢᠭᠦᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠬᠠᠷᠠᠭᠠᠰᠤ ᠠᠴᠠ ᠪᠤᠰᠤᠳᠴᠢ ᠪᠥᠭᠡᠳ ᠣᠨᠣᠪᠴᠢᠲᠠᠶ᠂ ᠪᠣᠳᠠᠲᠠᠶ ᠶᠢ ᠡᠷᠬᠢᠮᠯᠡᠭᠰᠡᠨ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠴᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ  ᠶᠢᠨ ᠶᠠᠪᠤᠳᠠᠯ ᠢ ᠵᠥᠪᠯᠡᠬᠦ ᠨᠡᠯᠢᠶᠡᠳ ᠥᠨᠳᠥᠷ ᠬᠢᠷᠢ ᠲᠦᠪᠰᠢᠨ ᠪᠠ ᠠᠷᠤ ᠬᠤᠷᠴᠢᠨ ᠬᠤᠰᠢᠭᠤ ᠪᠠᠨ ᠭᠦᠨ ᠶᠡᠭᠡ ᠬᠠᠶᠢᠷᠠᠯᠠᠬᠤ ᠴᠢᠩ ᠦᠨᠡᠨᠴᠢ ᠰᠡᠳᠬᠢᠯᠭᠡ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠤ ᠬᠤᠷᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠶᠢᠨ ᠰᠠᠶᠢᠬᠠᠨ ᠴᠤᠭ ᠵᠢᠪᠬᠤᠭ᠎ᠠ ᠶᠢ ᠢᠯᠡᠷᠡᠭᠦᠯᠪᠡ᠃ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠯᠠᠪᠯᠠᠯᠲᠠ ᠶᠢᠨ ᠴᠢᠨᠠᠷ ᠲᠠᠢ ᠪᠠᠶᠢᠵᠤ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠰᠲ᠋ᠧᠮ ᠲᠠᠢ ᠡᠮᠬᠢᠯᠡᠨ᠂ ᠭᠦᠢᠴᠡᠳ ᠰᠢᠩᠭᠡᠭᠡᠨ ᠠᠪᠴᠤ᠂ ᠨᠠᠷᠢᠨ ᠬᠢᠨᠠᠮᠠᠭᠠᠶ ᠰᠤᠳᠤᠯᠵᠤ᠂ ᠭᠡᠰᠢᠭᠦᠳ ᠤᠨ ᠬᠦᠴᠦ ᠬᠥᠳᠡᠯᠮᠦᠷᠢ ᠪᠠ ᠣᠶᠤᠨ ᠤᠬᠠᠭᠠᠨ ᠢ ᠦᠨᠡᠨ ᠬᠦ ᠰᠠᠶᠢᠲᠤᠷ ᠬᠤᠪᠢᠷᠠᠭᠤᠯᠤᠨ ᠪᠣᠲᠠᠲᠠᠶᠢᠵᠢᠭᠤᠯᠵᠤ᠂ ᠡᠯ᠎ᠡ ᠡᠲᠡᠭᠡᠳ ᠤᠨ ᠣᠯᠠᠨ ᠲᠦᠮᠡᠨ ᠤ ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯᠤᠨ᠎ᠠ      ᠭᠡᠪᠡ᠃
       ᠸᠧᠶ ᠪᠢᠯᠢᠭ ᠵᠢᠭᠠᠬᠤ ᠳᠠᠭᠠᠨ᠂ ᠠᠷᠤ ᠬᠤᠷᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠵᠤ᠂ ᠠᠵᠤ ᠦᠢᠯᠡᠰ ᠤᠨ ᠰᠠᠭᠤᠷᠢ ᠣᠶᠢᠷ᠎ᠠ ᠶᠢᠨ ᠵᠢᠯ ᠤᠨ ᠬᠥᠭᠵᠢᠯᠲᠡ ᠳᠤᠮᠳᠠ ᠠᠯᠬᠤᠮ ᠠᠯᠬᠤᠮ ᠢᠶᠠᠷ ᠪᠠᠬᠢᠵᠢᠵᠦ᠂ ᠢᠯᠠᠩᠭᠤᠶ᠎ᠠ ᠨᠢᠭᠡ ᠪᠦᠯᠦᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠤᠨᠳᠤᠤᠰᠢᠭᠤᠯᠬᠤ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠰᠢᠨ᠎ᠡ ᠡᠨᠧᠷᠭᠢ ᠶᠢᠨ ᠲᠥᠷᠥᠯ ᠵᠦᠢᠯ ᠢ ᠵᠠᠯᠭᠠᠭ᠎ᠠ ᠪᠠᠷ ᠨᠡᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ᠃ ᠭᠡᠰᠢᠭᠦᠳ ᠥᠪᠡᠷ ᠥᠪᠡᠷ ᠤᠨ ᠡᠲᠡᠭᠡᠳ ᠬᠠᠷᠢᠶᠠᠯᠠᠯ ᠤᠨ ᠢᠶᠠᠨ ᠪᠣᠳᠠᠲᠤ ᠪᠠᠶᠢᠳᠠᠯ ᠳᠤ      ᠰᠠᠭᠤᠷᠢᠯᠠᠨ᠂ ᠥᠷᠭᠡᠨ ᠳᠡᠯᠭᠡᠷ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠬᠦᠷᠢᠶ᠎ᠡ ᠲᠠᠢ ᠨᠢᠭᠲᠠ ᠤᠶᠠᠯᠳᠤᠭᠤᠯᠤᠨ᠂ ᠣᠯᠠᠨ ᠠᠷᠭ᠎ᠠ ᠤᠬᠠᠭᠠᠨ ᠳᠤᠷᠠᠳᠤᠨ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠶ ᠯᠠᠪᠯᠠᠯᠲᠠ ᠬᠠᠩᠭᠠᠬᠤ ᠬᠡᠷᠡᠭᠲᠡᠶ᠃ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠷᠠᠳ ᠣᠯᠠᠨ ᠢ ᠢᠮᠠᠭᠳᠠ ᠰᠡᠳᠬᠢᠯ ᠳᠡᠭᠡᠨ ᠪᠣᠳᠣᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠥᠨᠳᠥᠷ ᠪᠦᠲᠦᠮᠵᠢᠲᠡᠶ ᠪᠠᠷ ᠬᠢᠨᠠᠯᠲᠠ ᠲᠠᠯᠪᠢᠵᠤ᠂ ᠠᠷᠠᠳ ᠣᠯᠠᠨ ᠳᠤ ᠦᠨᠡᠨ ᠬᠦ ᠪᠣᠳᠠᠲᠤ ᠠᠵᠢᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠬᠢᠬᠦ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠠᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ ᠠᠵᠢᠯᠯᠠᠭᠠᠨ ᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠡᠲᠡᠭᠡᠳ ᠬᠠᠷᠢᠶᠠᠯᠠᠯ ᠤᠨ ᠢᠶᠠᠨ ᠤᠯᠠᠨ ᠲᠦᠮᠡᠨ ᠤ ᠳᠤᠮᠳᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠶ ᠭᠡᠪᠡ᠃ ︵ᠯᠢ ᠬᠤᠸᠠᠨ ᠢᠦᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号