ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ  ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/21
       1 ᠰᠠᠷ᠎ᠠ ᠶᠢᠨ 20 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ᠃
       ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠡᠷᠭᠦᠯᠡᠩ᠂ ᠳᠡᠳ᠋ ᠲᠡᠷᠢᠭᠦᠯᠡᠭᠴᠢ ᠴᠧᠨ ᠢᠦᠶ ᠮᠢᠩ᠂  ᠢᠦᠶ ᠸᠧᠶ ᠬᠤᠸᠠ᠂ ᠣᠳᠬᠤᠨᠪᠠᠶᠠᠷ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠭᠦᠸᠧ ᠯᠢᠨ᠂ ᠨᠠᠷᠢᠨ ᠪᠢᠴᠢᠭ ᠤᠨ ᠳᠠᠷᠤᠭ᠎ᠠ ᠰᠦᠩ ᠸᠧᠶ ᠳ᠋ᠡ ᠬᠤᠷᠠᠯ ᠳᠤ ᠣᠷᠣᠯᠴᠠᠵᠠᠶ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠶ ᠮᠢᠩ ᠬᠤᠷᠠᠯ ᠢ ᠡᠷᠭᠢᠯᠡᠪᠡ᠃
       ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 186 ᠪᠠᠶᠢᠵᠤ᠂ ᠪᠣᠳᠠᠲᠠᠶ ᠣᠷᠣᠯᠴᠠᠭᠰᠠᠨ ᠨᠢ 160 ᠬᠥᠮᠦᠨ᠂ ᠲᠣᠭᠲᠠᠭᠠᠯ ᠳᠠᠬᠢ ᠬᠥᠮᠦᠨ ᠤ ᠲᠤᠭ᠎ᠠ ᠳᠤ ᠨᠡᠶᠢᠴᠡᠨ᠎ᠡ᠃        ᠬᠤᠷᠠᠯ ᠠᠴᠠ ᠸᠠᠩ ᠶᠢᠨ ᠪᠦᠦ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ᠂ ᠭᠡᠰᠢᠭᠦᠨ ᠤ ᠲᠤᠰᠢᠶᠡᠯ ᠠᠴᠠ ᠪᠠᠨ ᠪᠠᠭᠤᠬᠤ ᠶᠢ ᠵᠥᠪᠰᠢᠶᠡᠷᠡᠬᠦ ᠲᠣᠬᠠᠶ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ︔ ᠢᠦᠶ ᠵᠣᠤ ᠰᠢᠤᠢ ᠵᠡᠷᠭᠡ 3 ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠡᠯ ᠠᠴᠠ ᠪᠠᠨ ᠪᠠᠭᠤᠬᠤ ᠶᠢ ᠵᠥᠪᠰᠢᠶᠡᠷᠡᠬᠦ ᠲᠤᠬᠠᠶ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠶᠡᠭᠡ ᠬᠤᠷᠠᠯ ᠤᠨ ᠰᠣᠩᠭᠤᠭᠤᠯᠢ ᠶᠢᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃
       ᠭᠡᠰᠢᠭᠦᠳ ᠤᠨ ᠪᠢᠯᠧᠲ ᠥᠭᠴᠦ ᠰᠣᠩᠭᠤᠬᠤ ᠪᠠᠷ ᠳᠠᠮᠵᠢᠨ᠂ ᠯᠢ ᠭᠦᠸᠧ ᠯᠢᠨ ᠨᠥᠬᠦᠷ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠤᠶᠤᠨᠪᠢᠯᠢᠭ᠌᠂ ᠸᠠᠩ ᠰᠢᠶᠣᠤ ᠳ᠋ᠦᠩ᠂ ᠵᠤᠸᠠᠩ ᠲᠢᠶᠠᠨ᠂ ᠵᠠᠩ ᡁᠢ ᠬᠤᠩ᠂ ᠵᠣᠤ ᠢᠦᠶ ᠶᠢᠩ᠂ ᠵᠢᠶᠠᠩ ᠬᠤᠤ ᠵᠡᠷᠭᠡ 6 ᠨᠥᠬᠦᠷ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ ᠰᠢᠨ᠎ᠡ ᠪᠠᠷ ᠰᠣᠩᠭᠤᠭᠳᠠᠭᠰᠠᠨ ᠳᠡᠳ᠋ ᠲᠡᠷᠢᠭᠦᠯᠡᠭᠴᠢ ᠪᠠ 6 ᠨᠡᠷ᠎ᠡ ᠪᠠᠶᠢᠩᠭᠤ ᠶᠢᠨ ᠭᠡᠰᠢᠭᠦᠨ ᠣᠯᠠᠨ ᠲᠠᠢ ᠠᠭᠤᠯᠵᠠᠪᠠ᠃                  ︵ᠯᠢ ᠬᠤᠸᠠᠨ ᠢᠦᠢ   ᠰᠠᠶᠢᠬᠠᠠᠬᠤᠸᠠᠷ  ᠤᠷᠭᠤᠮᠠᠯ  ᠵᠣᠤ ᠶᠠ ᠨᠠᠨ  ᠯᠢᠦ ᠰᠢᠨ ᠲᠢᠩ  ᠯᠢ ᠴᠦᠨ ᠢᠦᠶ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号