ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/1/21
       1 ᠰᠠᠷ᠎ᠠ ᠶᠢᠨ 20 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠠᠮᠵᠢᠯᠲᠠ ᠳᠦᠭᠦᠷᠡᠩ ᠳᠠᠭᠤᠰᠬᠠᠨ᠂ ᠬᠤᠰᠢᠭᠤᠨ ᠬᠤᠷᠠᠯ ᠦᠵᠡᠭᠦᠯᠭᠡ ᠶᠢᠨ ᠲᠥᠪ ᠲᠤ ᠠᠮᠵᠢᠯᠲᠠ ᠲᠠᠢ ᠥᠨᠳᠥᠷᠯᠡᠪᠠ᠃
       ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠡᠷᠭᠦᠯᠡᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ  ᠢᠦᠢ ᠮᠢᠩ᠂ ᠢᠦᠶ ᠸᠧᠶ ᠬᠤᠸᠠ᠂ ᠣᠳᠬᠤᠨᠪᠠᠶᠠᠷ᠂ ᠯᠢ ᠭᠦᠸᠧ ᠯᠢᠨ᠂ ᠨᠠᠷᠢᠨ ᠪᠢᠴᠢᠭ ᠤᠨ ᠳᠠᠷᠤᠭ᠎ᠠ ᠰᠦᠩ ᠸᠧᠶ ᠳ᠋ᠡ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠳᠡᠳ᠋ ᠲᠡᠷᠢᠭᠦᠯᠡᠭᠴᠢ ᠯᠢ ᠭᠦᠸᠧ ᠯᠢᠨ ᠲᠡᠭᠦᠰᠬᠦ ᠬᠤᠷᠠᠯ ᠢ ᠡᠷᠭᠢᠯᠡᠪᠡ᠃        ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠴᠧᠨ ᠬᠣ᠋ ᠨᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠤᠩ ᠰᠢᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠵᠢᠶᠠ ᡁᠢ ᠬᠤᠩ᠂ ᠭᠦᠸᠧ ᠯᠦ ᠮᠧᠩ᠂ ᠸᠠᠩ ᠶᠤᠸᠠᠨ ᠪᠢᠨ᠂ ᠭᠦᠸᠧ ᠶᠦᠩ ᠮᠢᠩ᠂ ᠸᠧᠶ ᠰᠢᠨ ᠢᠦᠶ᠂ ᠸᠠᠩ ᠰᠢᠨ ᠡᠾᠦ᠋ᠢ᠂ ᠭᠦᠸᠧ ᠹᠧᠩ᠂ ᠰᠦᠩ ᠵᠢᠶᠠᠨ ᠹᠧᠩ᠂ ᠸᠠᠩ ᡁᠢ ᠶᠦᠩ᠂ ᠶᠠᠩ ᠵᠢᠶᠧ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠷᠠᠯ ᠳᠤ  ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠬᠤᠰᠢᠭᠤᠨ ᠤᠳᠤᠷᠢᠳᠤᠯᠭ᠎ᠠ ᠪᠠᠰᠠ᠄ ᠬᠥᠬᠡᠪᠠᠷᠰ᠂ ᠶᠠᠩ ᠡᠾᠦ᠋ᠢ ᠶᠠᠨ᠂ ᠴᠢᠨ ᠶᠤᠸᠠᠢ ᠭᠦᠸᠧ᠂ ᠵᠠᠩ ᠰᠢᠤᠢ ᠫᠧᠩ᠂ ᠳᠠᠩ ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ᠂ ᠵᠦ ᠰᠢᠤᠢ ᠭᠤᠸᠠᠩ᠂ ᠪᠦᠦ ᠵᠢᠶᠧ᠂ ᠡᠦ ᠴᠢᠩ ᠯᠢᠨ ᠵᠡᠷᠭᠡ᠃ ᠠᠷᠤ ᠬᠤᠷᠴᠢᠨ ᠬᠤᠰᠢᠭᠤᠨ ᠳᠤ ᠰᠠᠭᠤᠭ᠎ᠠ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠤ ᠬᠤᠷᠴᠢᠨ ᠬᠤᠰᠢᠭᠤᠨ ᠳᠤ ᠰᠠᠭᠤᠭ᠎ᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ᠂ ᠵᠡᠪᠰᠡᠭᠲᠦ ᠴᠠᠭᠳᠠᠭ᠎ᠠ ᠶᠢᠨ ᠠᠩᠭᠢ᠂ ᠣᠢ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠬᠠᠷᠢᠭᠤᠴᠠᠯᠭᠠᠲᠠᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠨᠴᠠ ᠤᠷᠢᠭᠳᠠᠨ ᠬᠤᠷᠠᠯ ᠳᠤ ᠣᠷᠣᠯᠴᠠᠵᠠᠶ᠃ ᠬᠤᠰᠢᠭᠤᠨ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠨᠢᠭᠡᠴᠢ᠂ ᠤᠯᠤᠰ ᠤᠨ ᠥᠮᠴᠢᠯᠡᠯᠲᠦ ᠭᠤᠤᠯᠳᠠᠯᠭ᠎ᠠ ᠲᠠᠢ ᠠᠵᠤ ᠠᠬᠤᠶᠢᠯᠠᠯ᠂ ᠰᠤᠷᠭᠠᠭᠤᠯᠢ ᠡᠮᠨᠡᠯᠭᠡ ᠶᠢᠨ ᠬᠤᠷᠢᠶ᠎ᠠ᠂ ᠮᠥᠩᠭᠦᠨ ᠭᠦᠢᠯᠭᠡᠭᠡ ᠳᠠᠭᠠᠳᠬᠠᠯ᠂ ᠰᠢᠤᠳᠠᠨ ᠤ ᠶᠠᠪᠤᠳᠠᠯ ᠴᠢᠮᠡᠭᠡ ᠬᠤᠯᠪᠣᠭ᠎ᠠ ᠵᠢᠴᠢ ᠰᠣᠨᠢᠨ ᠮᠡᠳᠡᠭᠡᠨ ᠤ ᠨᠢᠭᠡᠴᠢ ᠶᠢᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠠᠶ᠃        ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 186 ᠨᠡᠷ᠎ᠡ ᠪᠠᠶᠢᠵᠤ᠂ ᠪᠣᠳᠠᠲᠠᠶ ᠣᠷᠣᠯᠴᠠᠭᠰᠠᠨ ᠨᠢ 160 ᠨᠡᠷ᠎ᠡ᠂ ᠲᠣᠭᠲᠠᠭᠠᠯ ᠳᠠᠬᠢ ᠬᠥᠮᠦᠨ ᠤ ᠲᠤᠭ᠎ᠠ ᠳᠤ      ᠨᠡᠶᠢᠴᠡᠨ᠎ᠡ᠃        ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠡᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃        ᠬᠤᠷᠠᠯ ᠠᠴᠠ ᠬᠤᠰᠢᠭᠤᠨ ᠳᠠᠷᠤᠭ᠎ᠠ ᠴᠧᠨ ᠬᠤ᠋ ᠨᠠᠨ ᠤ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠵᠢᠴᠢ ᠪᠤᠰᠤᠳ ᠢᠯᠡᠳᠬᠡᠯ ᠢ ᠵᠥᠪᠰᠢᠶᠡᠷᠡᠪᠡ᠃ ᠬᠤᠷᠠᠯ ᠠᠴᠠ ᠰᠡᠷᠭᠦᠯᠡᠩ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠠᠵᠢᠯ ᠤᠨ ᠢᠯᠡᠳᠬᠡᠯ ᠢ ᠬᠢᠨᠠᠨ ᠵᠥᠪᠯᠡᠵᠦ ᠵᠥᠪᠰᠢᠶᠡᠷᠡᠪᠡ︔ ᠢᠦᠶ ᠸᠧᠶ ᠬᠤᠸᠠ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃
       ᠰᠡᠷᠭᠦᠯᠡᠩ ᠵᠢᠭᠠᠬᠤ ᠳᠠᠭᠠᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠬᠤ ᠪᠥᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠵᠢᠯ ᠪᠣᠯᠤᠨ᠎ᠠ᠃ ᠰᠠᠶᠢᠬᠠᠨ ᠬᠤᠷᠠᠯᠳᠤᠭᠰᠠᠨ ᠬᠤᠰᠢᠭᠤᠨ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠥᠬᠦᠳᠡ ᠬᠤᠷᠠᠯ ᠨᠢ ᠪᠢᠳᠡᠨ ᠳᠤ ᠬᠥᠭᠵᠢᠯᠲᠡ ᠶᠢᠨ ᠲᠦᠰᠦᠪ ᠢ ᠵᠢᠷᠤᠭᠯᠠᠵᠤ᠂ ᠦᠢᠯᠡᠳᠦᠯᠭᠡ ᠶᠢᠨ ᠵᠠᠮ ᠢ ᠲᠥᠯᠥᠪᠵᠢᠭᠦᠯᠵᠦ ᠥᠭᠴᠡᠶ᠃ ᠪᠢᠳᠡ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠭᠤᠤᠯ ᠰᠡᠳᠦᠪ ᠢ ᠪᠠᠲᠤ ᠡᠵᠡᠮᠳᠡᠵᠦ᠂ ᠥᠪᠡᠷ ᠤᠨ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠤᠨ᠂ ᠬᠤᠰᠢᠭᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ ᠭᠡᠵᠡᠶ᠃        ᠰᠡᠷᠭᠦᠯᠡᠩ ᠴᠢᠬᠤᠯᠠᠴᠢᠯᠠᠭᠰᠠᠨ ᠨᠢ᠂ ᠦᠨᠡᠨᠴᠢ ᠰᠢᠳᠤᠷᠭᠤ ᠵᠣᠷᠢᠭ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂     ︽ᠤᠭ ᠰᠠᠨᠠᠭ᠎ᠠ ᠪᠠᠨ ᠰᠠᠬᠢᠨ ᠵᠢᠷᠤᠮᠯᠠᠬᠤ︾ ᠤᠯᠤᠰ ᠲᠥᠷᠥ ᠶᠢᠨ ᠲᠣᠭᠲᠠᠯ ᠬᠦᠴᠦᠨ ᠢ ᠬᠠᠲᠠᠭᠤᠵᠢᠭᠤᠯᠬᠤ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠴᠢᠬᠤᠯᠠ  ᠵᠦᠢᠯ ᠲᠠᠢ ᠨᠢᠭᠲᠠ ᠤᠶᠠᠯᠳᠤᠭᠤᠯᠵᠤ᠂ ︽ᠬᠥᠭᠵᠢᠯᠲᠡ ᠳᠤ ᠲᠤᠰᠠᠯᠠᠬᠤ︾ ᠵᠥᠪᠯᠡᠬᠦ ᠬᠦᠴᠦᠨ ᠴᠢᠳᠠᠯ ᠢᠶᠠᠨ ᠳᠡᠭᠡᠭᠰᠢᠯᠡᠭᠦᠯᠬᠦ ᠬᠡᠷᠡᠭᠲᠡᠶ︔ ᠪᠦᠯᠬᠦᠮᠳᠡᠯ ᠲᠣᠭᠲᠠᠭᠤᠨ ᠤ ᠵᠠᠯᠠᠭᠤᠷ ᠢ ᠴᠢᠩᠭ᠎ᠠ ᠠᠳᠬᠤᠵᠤ᠂ ︽ᠠᠭᠤᠤ ᠦᠢᠯᠡᠰ ᠢ ᠮᠠᠨᠳᠤᠭᠤᠯᠬᠤ︾ ᠲᠡᠮᠡᠴᠡᠯ ᠤᠨ ᠨᠡᠶᠢᠯᠡᠮᠡᠯ ᠬᠦᠴᠦᠨ ᠢ ᠲᠥᠪᠯᠡᠷᠡᠭᠦᠯᠬᠦ ᠬᠡᠷᠡᠭᠲᠡᠶ︔ ᠣᠯᠠᠨ ᠲᠦᠮᠡᠨ ᠢᠶᠠᠨ ᠬᠠᠯᠠᠮᠵᠢᠯᠠᠵᠤ᠂ ︽ᠠᠷᠠᠳ ᠤᠨ ᠰᠡᠳᠬᠢᠯ ᠢ ᠨᠢᠭᠲᠠᠷᠠᠭᠤᠯᠬᠤ︾ ᠳᠦᠷᠢᠮ ᠤᠨ ᠳᠠᠯᠳᠠ ᠬᠦᠴᠦᠨ ᠢ ᠢᠯᠡᠷᠡᠭᠦᠯᠬᠦ ᠬᠡᠷᠡᠭᠲᠡᠶ︔ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢ ᠪᠠᠨ ᠪᠠᠲᠤᠵᠢᠭᠤᠯᠵᠤ᠂ ︽ᠵᠢᠳᠬᠦᠯ ᠴᠢᠷᠮᠠᠶᠢᠯᠭ᠎ᠠ ᠭᠠᠷᠭᠠᠬᠤ︾ ᠤᠯᠤᠰ ᠲᠥᠷᠥ ᠶᠢᠨ ᠵᠥᠪᠯᠡᠯᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ ᠭᠡᠪᠡ᠃        ᠰᠡᠷᠭᠦᠯᠡᠩ ᠬᠠᠮᠤᠭ ᠰᠡᠭᠦᠯ ᠳᠤ ᠬᠡᠯᠡᠬᠦ ᠳᠡᠭᠡᠨ᠂ ᠬᠥᠭᠵᠢᠯᠲᠡ ᠨᠢ ᠰᠡᠳᠬᠢᠯ ᠬᠦᠴᠦᠨ ᠨᠢᠭᠡᠲᠡᠶ ᠪᠠᠶᠢᠬᠤ ᠠᠴᠠ ᠢᠷᠡᠵᠦ᠂ ᠠᠮᠵᠢᠯᠲᠠ ᠨᠢ ᠬᠠᠮᠲᠤ ᠶᠢᠨ ᠲᠡᠮᠡᠴᠡᠯ ᠠᠴᠠ ᠢᠷᠡᠳᠡᠭ᠃ ᠪᠢᠳᠡ  ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠡᠷᠡᠮᠡᠬᠡᠶᠢᠯᠡᠨ ᠤᠷᠤᠭᠰᠢᠯᠠᠵᠤ᠂ ᠠᠷᠤ ᠬᠤᠷᠴᠢᠨ ᠬᠤᠰᠢᠭᠤᠨ ᠤ ᠴᠢᠨᠠᠷ ᠰᠠᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠢᠨ ᠪᠢᠴᠢᠭᠯᠡᠵᠦ᠂ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠪᠠᠨ‌‍ᠭᠦ᠋ᠢᠴᠡᠳᠬᠡᠨ᠂ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠶ᠎ᠡ ᠭᠡᠵᠡᠶ︕
       ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠢᠯᠠᠯᠲᠠ ᠲᠠᠢ ᠪᠠᠷ ᠥᠨᠳᠥᠷᠯᠡᠪᠡ᠃ ︵ᠬᠠᠮ ᠵᠠᠭᠤᠴᠢᠯᠠᠭᠤᠷ ᠤᠨ ᠲᠥᠪ ᠤᠨ ᠪᠦᠬᠦ ᠰᠤᠷᠪᠤᠯᠵᠢᠯᠠᠭᠴᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号