︽ᠠᠵᠠ ᠶᠢᠨ ᠪᠡᠯᠡᠭ︾ ᠳᠤᠰᠤᠭᠰᠠᠨ ᠠᠷᠠᠳ ᠮᠠᠯᠴᠢᠳ ᠪᠠᠶᠠᠰᠤᠯ ᠲᠠᠢ
ᠨᠡᠶᠢᠲᠡᠯᠡᠭᠰᠡᠨ ᠴᠠᠭ᠄
2025/1/21
       ᠰᠢᠨ᠎ᠡ ᠵᠢᠯ ᠴᠠᠭᠠᠨ ᠰᠠᠷ᠎ᠠ ᠬᠦᠷᠴᠦ ᠢᠷᠡᠵᠦ ᠪᠠᠶᠢᠭ᠎ᠠ ᠡᠨᠡ ᠰᠠᠶᠢᠬᠠᠨ ᠲᠠᠰᠢᠷᠠᠮ ᠢᠶᠠᠷ᠂ ᠵᠢᠭᠠᠰᠤᠲᠠᠶ ᠪᠠᠯᠭᠠᠰᠤ ᠶᠢᠨ ᠴᠠᠭᠠᠨᠨᠠᠭᠤᠷ ᠭᠠᠴᠠᠭ᠎ᠠ ᠶᠢᠨ ᠬᠠᠮᠲᠤ ᠶᠢᠨ ᠠᠵᠤ ᠠᠬᠤᠶ ᠶᠢᠨ ᠬᠤᠪᠢ ᠣᠷᠣᠭᠤᠯᠤᠭᠰᠠᠨ ᠬᠤᠷᠰᠢᠶᠠᠵᠢᠯ ᠭᠠᠴᠠᠭᠠᠨ ᠤ 1074 ᠮᠠᠯᠴᠢᠨ ᠳᠤ ᠪᠠᠨ 50.86 ᠲᠦᠮᠡᠨ ᠲᠥᠭᠦᠷᠢᠭ ᠤᠨ ᠪᠡᠯᠡᠨ ᠵᠣᠭᠤᠰ ᠬᠤᠪᠢᠶᠠᠷᠢᠯᠠᠭᠰᠠᠨ ᠬᠠᠯᠠᠭᠤᠨ ᠴᠢᠮᠡᠭᠡ ᠬᠤᠰᠢᠭᠤᠨ ᠤ ᠬᠤᠶᠠᠷ ᠬᠤᠷᠠᠯ ᠤᠨ ᠬᠤᠭᠤᠴᠠᠭᠠᠨ ᠳᠠᠬᠢ ᠪᠠᠰᠠ ᠨᠢᠭᠡᠨ ᠬᠠᠯᠠᠮᠰᠢᠯ ᠮᠡᠳᠡᠭᠡ ᠪᠣᠯᠵᠤ ᠶᠠᠪᠤᠭᠳᠠᠨ᠎ᠠ᠃
       1 ᠰᠠᠷ᠎ᠠ ᠶᠢᠨ 20 ᠤ ᠡᠳᠦᠷ᠂ ᠴᠠᠭᠠᠨᠨᠠᠭᠤᠷ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ ᠬᠥᠭᠵᠢᠶᠡᠨ ᠨᠠᠷᠭᠢᠶᠠᠨ ᠢᠶᠠᠷ ᠪᠢᠯᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠠᠴᠠ ᠣᠯᠤᠭᠰᠠᠨ ᠠᠰᠢᠭ ᠣᠯᠵᠠᠪᠤᠷᠢ ᠶᠢᠨ ᠪᠡᠯᠡᠭ ᠵᠣᠭᠤᠰ ᠢᠶᠠᠨ ᠲᠣᠭᠠᠯᠠᠨ ᠠᠪᠴᠠᠭᠠᠬᠤ ᠮᠠᠯᠴᠢᠳ ᠮᠠᠩᠨᠠᠶ ᠲᠡᠨᠢᠢᠨ ᠪᠠᠶᠠᠰᠤᠨ᠎ᠠ᠃ ᠲᠤᠰ ᠤᠳᠠᠭ᠎ᠠ ᠴᠠᠭᠠᠨᠨᠠᠭᠤᠷ ᠲᠣᠭᠤᠶᠢᠯᠠᠩ ᠤᠨ ᠬᠥᠮᠦᠨ ᠪᠦᠷᠢ 600 ᠲᠥᠭᠦᠷᠢᠭ᠂ ᠴᠠᠭᠠᠨᠲᠠᠯ᠎ᠠ ᠲᠣᠭᠤᠶᠢᠯᠠᠩ ᠤᠨ ᠬᠥᠮᠦᠨ ᠪᠦᠷᠢ 400 ᠲᠥᠭᠦᠷᠢᠭ ᠪᠡᠯᠡᠨ ᠵᠣᠭᠤᠰ ᠬᠤᠪᠢᠳᠠᠨ ᠣᠯᠵᠠᠶ᠃ ᠲᠤᠰ ᠭᠠᠴᠠᠭᠠᠨ ᠤ ᠮᠠᠯᠴᠢᠨ ᠪᠠᠭᠠᠲᠤᠷ ᠤᠨ ᠬᠢᠨ ᠤ ᠬᠥᠮᠦᠨ ᠪᠦᠷᠢ  600  ᠲᠥᠭᠦᠷᠢᠭ  ᠤᠨ  ᠠᠰᠢᠭ  ᠣᠯᠵᠠᠪᠤᠷᠢ  ᠬᠤᠪᠢᠳᠠᠨ᠂ ᠨᠡᠶᠢᠲᠡ 5400 ᠲᠥᠭᠦᠷᠢᠭ ᠤᠨ ᠠᠰᠢᠭ ᠬᠦᠷᠲᠡᠵᠡᠢ᠃ ᠲᠡᠷᠡ᠄ ︽ᠤᠳᠠᠯ ᠥᠬᠡᠶ ᠵᠢᠯ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠪᠣᠯᠬᠤᠷ ᠡᠨᠡ ᠵᠣᠭᠤᠰ ᠢᠶᠠᠷ ᠢᠶᠠᠨ ᠵᠢᠯ ᠤᠨ ᠮᠠᠶᠢᠮᠠᠶ ᠪᠠᠨ ᠬᠢᠬᠦ ᠰᠠᠨᠠᠭᠠᠲᠠᠶ᠃ ᠭᠠᠴᠠᠭ᠎ᠠ ᠪᠠᠶᠠᠵᠢᠪᠠᠯ ᠮᠠᠨ ᠤ ᠮᠠᠯᠴᠢᠳ ᠴᠤ ᠳᠠᠭᠠᠭᠠᠳ ᠠᠰᠢᠭ ᠢ ᠨᠢ ᠬᠦᠷᠲᠡᠨ᠎ᠡ᠂ ᠭᠠᠴᠠᠭᠠᠨ ᠤ ᠬᠠᠮᠲᠤ ᠶᠢᠨ ᠠᠵᠤ ᠠᠬᠤᠶ ᠤᠯᠠᠮ ᠠᠴᠠ ᠤᠯᠠᠮ ᠰᠠᠶᠢᠨ ᠪᠠᠶᠢᠬᠤ ᠪᠣᠯᠲᠤᠭᠠᠶ︾ ᠭᠡᠵᠦ ᠪᠠᠶᠠᠷᠲᠠᠶ ᠬᠡᠯᠡᠨ᠎ᠡ᠃
           
               2024 ᠣᠨ ᠳᠤ᠂ ᠴᠠᠭᠠᠨᠨᠠᠭᠤᠷ ᠭᠠᠴᠠᠭ᠎ᠠ ᠨᠢ ᠭᠠᠴᠠᠭ᠎ᠠ ᠲᠣᠰᠬᠤᠨ ᠤ ᠡᠳ᠋ ᠬᠥᠷᠥᠩᠭᠡ ᠶᠢ ᠪᠦᠷᠢᠳᠬᠡᠨ ᠳᠠᠩᠰᠠᠯᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ᠭᠠᠴᠠᠭᠠᠨ ᠤ ᠬᠠᠮᠲᠤ ᠶᠢᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢᠨ ᠪᠠᠶᠢᠳᠡᠯ ᠢ ᠤᠯᠠᠮ ᠲᠤᠳᠤᠷᠬᠠᠶᠢᠯᠠᠨ ᠳᠠᠭᠠᠭᠠᠴᠢᠯᠠᠭᠤᠯᠬᠤ ᠪᠠ ᠲᠦᠷᠢᠶᠡᠰᠦᠯᠡᠭᠦᠯᠬᠦ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠳᠠᠮᠵᠢᠨ᠂ 300 ᠮᠦ ᠬᠠᠮᠲᠤ ᠶᠢᠨ ᠲᠠᠷᠢᠶᠠᠨ ᠭᠠᠵᠠᠷ ᠪᠣᠯᠤᠨ ᠭᠡᠷ᠎ᠡ ᠶᠢᠨ ᠬᠤᠭᠤᠴᠠᠭ᠎ᠠ ᠠᠴᠠ ᠬᠡᠲᠦᠷᠡᠭᠰᠡᠨ 6.48 ᠲᠦᠮᠡᠨ ᠲᠥᠭᠦᠷᠢᠭ ᠲᠦᠷᠢᠶᠡᠰᠦᠨ ᠮᠥᠩᠭᠦ ᠶᠢ ᠨᠡᠬᠡᠮᠵᠢᠯᠡᠨ ᠠᠪᠴᠢᠷᠠᠵᠤ᠂ ᠰᠢᠨ᠎ᠡ ᠪᠠᠷ ᠨᠡᠮᠡᠭᠳᠡᠭᠰᠡᠨ ᠬᠠᠮᠲᠤ ᠶᠢᠨ ᠭᠠᠵᠠᠷ ᠰᠢᠷᠣᠶ ᠶᠢᠨ ᠠᠷᠠᠯᠵᠢᠶᠠᠨ ᠤ ᠲᠤᠭ᠎ᠠ 30 ᠲᠦᠮᠡᠨ ᠲᠥᠭᠦᠷᠢᠭ ᠲᠤ ᠬᠦᠷᠴᠡᠶ᠃ ᠡᠨᠡ ᠨᠢ ᠭᠠᠴᠠᠭᠠᠨ ᠤ ᠬᠠᠮᠲᠤ ᠶᠢᠨ ᠡᠳ᠋ ᠬᠥᠷᠥᠩᠭᠡ ᠶᠢ ᠨᠠᠩ ᠢᠯᠡ ᠲᠣᠳᠣ ᠪᠣᠯᠭᠠᠨ᠂ ᠡᠯᠪᠡᠭ ᠳᠡᠯᠪᠡᠭ ᠡᠳ᠋ ᠬᠥᠷᠥᠩᠭᠡ ᠶᠢᠨ ᠰᠠᠭᠤᠷᠢ ᠲᠠᠢ ᠪᠣᠯᠭᠠᠭᠰᠠᠨ ᠢᠶᠠᠷ ᠪᠠᠷᠠᠬᠤ ᠥᠭᠡᠶ ᠣᠯᠠᠨ ᠲᠦᠮᠡᠨ ᠤ ᠢᠲᠡᠭᠡᠯ ᠬᠦᠨᠳᠦ ᠶᠢ ᠬᠦᠷᠲᠡᠨ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠳᠤ ᠴᠢᠬᠤᠯᠠ ᠪᠦᠬᠦᠢ ᠦᠢᠯᠡᠳᠦᠯ ᠦᠵᠡᠭᠦᠯᠬᠦ ᠨᠢ ᠳᠠᠮᠵᠢᠭ ᠦᠭᠡᠢ᠃ ᠴᠢᠮᠡᠭᠡᠯᠡᠭᠴᠢ᠄ ᠣᠶᠤᠨᠰᠤᠲᠤ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号