ᠬᠤᠰᠢᠭᠤᠨ ᠤ ︽ᠬᠤᠶᠠᠷ ᠬᠤᠷᠠᠯ︾ ᠬᠤᠷᠠᠯᠳᠤᠵᠤ ᠪᠠᠶᠢᠭ᠎ᠠ ᠡᠨᠡᠬᠦ ᠰᠠᠶᠢᠬᠠᠨ ᠲᠠᠰᠢᠷᠠᠮ ᠳᠤ᠂ 1 | ᠰᠠᠷ᠎ᠠ ᠶᠢᠨ 18 ᠤ ᠡᠳᠦᠷ᠂ ᠵᠢᠭᠠᠰᠤᠲᠠᠶ ᠪᠠᠯᠭᠠᠰᠤ ᠶᠢᠨ ᠲᠥᠭᠦᠷᠢᠭᠡᠨᠲᠠᠯᠡ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠬᠤᠪᠢ ᠨᠡᠶᠢᠯᠡᠭᠦᠯᠤᠭ᠍ᠰᠡᠨ ᠬᠤᠷᠰᠢᠶᠠᠵᠢᠯ ᠮᠠᠯᠴᠢᠳ ᠲᠤ 31.58 ᠲᠦᠮᠡᠨ ᠲᠥᠭᠦᠷᠢᠭ ᠤᠨ ᠪᠡᠯᠡᠨ | ᠵᠣᠭᠤᠰ ᠬᠤᠪᠢᠶᠠᠵᠤ᠂ ᠲᠥᠭᠦᠷᠢᠭᠡᠨᠲᠡᠯᠠ ᠳᠤᠭᠤᠶᠢᠯᠠᠩ ᠤᠨ ᠬᠢ ᠬᠥᠮᠦᠨ ᠪᠦᠷᠢ 600 ᠲᠥᠭᠦᠷᠢᠭ᠂ ᠲᠡᠡᠵᠢᠭ | ᠳᠤᠭᠤᠶᠢᠯᠠᠩ ᠤᠨ ᠬᠢ ᠬᠥᠮᠦᠨ ᠪᠦᠷᠢ 100 ᠲᠥᠭᠦᠷᠢᠭ ᠬᠤᠪᠢᠶᠠᠨ ᠣᠯᠵᠠᠶ᠃ | | | | | | ᠠᠰᠢᠭ ᠬᠤᠪᠢᠶᠠᠬᠤ ᠲᠤᠬᠠᠶ ᠶᠢᠨ ᠲᠠᠯᠠᠪᠠᠢ ᠳᠤ᠂ ᠭᠠᠴᠠᠭᠠᠨ ᠤ ᠠᠷᠠᠳ ᠡᠮᠬᠢ ᠵᠢᠷᠤᠮ ᠲᠠᠢ ᠪᠠᠷ | ᠳᠠᠩᠰᠠ ᠪᠠᠨ ᠬᠠᠷᠭᠤᠭᠤᠯᠤᠨ᠂ ᠭᠠᠷ ᠤᠨ ᠦᠰᠦᠭ ᠵᠢᠷᠤᠵᠤ᠂ ᠪᠡᠯᠡᠨ ᠵᠣᠭᠤᠰ ᠭᠠᠷᠳᠠᠭᠠᠳ ᠪᠠᠶᠠᠷᠯᠠᠵᠠᠭᠠᠨ᠎ᠠ᠃ | ᠲᠥᠭᠦᠷᠢᠭᠡᠨᠲᠡᠯᠡ ᠭᠠᠴᠠᠭᠠᠨ ᠤ ᠨᠠᠮ ᠤᠨ ᠡᠭᠦᠷ ᠤᠨ ᠱᠦᠵᠢ ᠥᠷᠦᠨᠳᠣᠶᠠᠭᠠ ᠠᠴᠠ ︽ᠮᠠᠨ ᠤ ᠭᠠᠴᠠᠭ᠎ᠠ ᠡᠨᠡ ᠵᠢᠯ | 1336 ᠮᠦ ᠲᠠᠷᠢᠶᠠᠨ ᠭᠠᠵᠠᠷ ᠢᠶᠠᠨ ᠡᠷᠭᠢᠯᠲᠡ ᠳᠤ ᠣᠷᠣᠭᠤᠯᠬᠤ ᠶᠢᠨ ᠬᠠᠮᠲᠤ ᠲᠠᠷᠠᠬᠠᠶ ᠪᠤᠲᠠᠷᠬᠠᠶ ᠭᠠᠵᠠᠷ | ᠰᠢᠷᠣᠶ ᠪᠠᠨ ᠲᠥᠪᠯᠡᠷᠡᠭᠦᠯᠦᠨ ᠳᠠᠭᠠᠭᠠᠴᠢᠯᠠᠭᠤᠯᠬᠤ᠂ ᠢᠯᠠ ᠪᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠡᠳ᠋ ᠬᠥᠷᠥᠩᠭᠡ ᠶᠢᠨ | ᠥᠷᠲᠡᠭ ᠢ ᠪᠠᠲᠤᠯᠠᠨ ᠥᠷᠲᠡᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠬᠠᠮᠲᠤ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢ ᠢᠯᠡ ᠲᠣᠳᠣ ᠪᠣᠯᠭᠠᠭᠰᠠᠨ ᠪᠥᠭᠡᠳ ᠭᠠᠵᠠᠷ ᠰᠢᠷᠣᠶ ᠶᠢᠨ ᠡᠷᠭᠢᠯᠲᠡ ᠶᠢᠨ ᠠᠰᠢᠭ ᠣᠷᠣᠯᠭ᠎ᠠ ᠶᠢ | ᠪᠡᠯᠡᠨ ᠵᠣᠭᠤᠰ ᠤᠨ ᠬᠡᠯᠪᠡᠷᠢ ᠪᠠᠷ ᠬᠤᠪᠢᠶᠠᠵᠠᠶ᠃ ᠡᠨᠡ ᠤᠳᠠᠭᠠᠨ ᠤ ᠬᠤᠪᠢᠶᠠᠭᠰᠠᠨ ᠪᠡᠯᠡᠨ ᠵᠣᠭᠤᠰ 31.58 | ᠲᠦᠮᠡᠨ ᠲᠥᠭᠦᠷᠢᠭ ᠬᠦᠷᠴᠦ᠂ 788 ᠬᠥᠮᠦᠨ ᠠᠰᠢᠭ ᠬᠦᠷᠲᠡᠵᠡᠢ᠃ 2022 ᠣᠨ ᠠᠴᠠ ᠨᠠᠭᠠᠰᠢ᠂ ᠮᠠᠨ ᠤ | ᠭᠠᠴᠠᠭᠠᠨ ᠤ ᠠᠰᠢᠭ ᠬᠤᠪᠢᠶᠠᠭᠰᠠᠨ ᠪᠡᠯᠡᠨ ᠵᠣᠭᠤᠰ 221.02 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ︾ | ᠭᠡᠵᠦ ᠣᠮᠤᠭ ᠲᠡᠭᠦᠯᠳᠡᠷ ᠬᠡᠯᠡᠪᠡ᠃ | | | | | | ᠲᠥᠭᠦᠷᠢᠭᠡᠨᠲᠠᠯᠠ ᠭᠠᠴᠠᠭ᠎ᠠ 2024 ᠣᠨ ᠳᠤ ᠬᠠᠮᠲᠤ ᠶᠢᠨ ᠠᠵᠤ ᠠᠬᠤᠶ ᠶᠢᠨ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ᠂ | ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠣᠳᠣᠷᠬᠠᠶ ᠪᠣᠯᠭᠠᠬᠤ᠂ ᠢᠯᠡ | ᠪᠣᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠭᠠᠴᠠᠭᠠᠨ ᠤ ᠠᠷᠠᠳ ᠣᠯᠠᠨ ᠳᠤ ︽ᠲᠣᠳᠣᠷᠬᠠᠶ | ᠳᠠᠩᠰᠠ︾ ᠭᠠᠷᠭᠠᠨ ᠥᠭᠴᠦ᠂ ᠲᠥᠷᠥ ᠶᠢᠨ ᠪᠣᠳᠣᠯᠭ᠎ᠠ ᠶᠢ ᠦᠨᠡᠨ ᠬᠦ ᠬᠥᠭᠵᠢᠯᠲᠡ ᠶᠢᠨ ᠠᠰᠢᠭ ᠣᠯᠵᠠᠪᠤᠷᠢ | ᠪᠣᠯᠭᠠᠨ ᠬᠤᠪᠢᠷᠠᠭᠤᠯᠵᠤ᠂ ᠭᠠᠴᠠᠭᠠᠨ ᠤ ᠠᠷᠠᠳ ᠣᠯᠠᠨ ᠢᠶᠠᠨ ᠪᠠᠶᠠᠵᠢᠭᠤᠯᠬᠤ ᠠᠵᠢᠯ ᠳᠤ ᠰᠠᠶᠢᠲᠤᠷ ᠬᠦᠴᠦᠯᠡᠭᠰᠡᠨ | ᠪᠠᠶᠢᠨ᠎ᠠ᠃ | ᠴᠢᠮᠡᠭᠡᠯᠡᠭᠴᠢ᠄ ᠣᠶᠤᠨᠰᠤᠲᠤ | | | | |