1 ᠰᠠᠷ᠎ᠠ ᠶᠢᠨ 20 ᠠᠴᠠ 21 ᠤ ᠡᠳᠦᠷ ᠪᠣᠯᠲᠠᠯ᠎ᠠ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ | ᠠᠷᠠᠳ ᠤᠨ ᠲᠥᠯᠥᠭᠡᠯᠡᠭᠴᠢᠳ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠰᠢᠭᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ ᠲᠥᠷᠥᠯ ᠵᠦᠢᠯ | ᠲᠥᠯᠥᠪᠰᠢᠷᠡᠭᠰᠡᠨ ᠪᠠᠶᠢᠳᠠᠯ ᠤᠨ ᠮᠡᠳᠡᠭᠦᠯᠦᠯᠲᠡ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠳᠤᠭᠤᠶᠢᠯᠠᠩ ᠬᠤᠪᠢᠶᠠᠨ ᠶᠠᠷᠢᠯᠴᠠᠵᠤ ᠬᠢᠨᠠᠨ ᠵᠥᠪᠯᠡᠪᠡ᠃ | | | | | ᠡᠯ᠎ᠡ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠬᠤ ᠬᠤᠷᠠᠯ ᠤᠨ ᠲᠠᠯᠠᠪᠠᠢ ᠨᠢ ᠬᠥᠷ ᠬᠥᠭᠵᠢᠶᠡᠨ ᠢᠶᠠᠷ | ᠪᠢᠯᠬᠠᠵᠤ᠂ ᠲᠥᠯᠥᠭᠡᠯᠡᠭᠴᠢ ᠨᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯ ᠰᠡᠳᠦᠪ ᠢᠯᠠ ᠲᠣᠳᠣ᠂ | ᠰᠡᠳᠬᠢᠴᠡ ᠲᠣᠳᠣᠷᠬᠠᠶ᠂ ᠡᠭᠦᠷᠭᠡ ᠪᠣᠳᠠᠲᠠᠶ᠂ ᠭᠤᠤᠯᠳᠠᠯᠭ᠎ᠠ ᠲᠣᠪᠤᠶᠢᠮ᠎ᠠ ᠪᠠᠶᠢᠵᠤ᠂ ᠥᠩᠭᠡᠷᠡᠭᠰᠡᠨ ᠨᠢᠭᠡ ᠵᠢᠯ ᠤᠨ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠤᠰᠤᠳᠴᠢ ᠪᠥᠭᠡᠳ ᠪᠦᠬᠦ ᠲᠠᠯ᠎ᠠ ᠪᠠᠷ | ᠳ᠋ᠦᠩᠨᠡᠨ᠂ 2025 ᠣᠨ ᠤ ᠪᠦᠬᠦ ᠬᠤᠰᠢᠭᠤᠨ ᠤ ᠬᠥᠭᠵᠢᠯᠲᠡ ᠶᠢᠨ ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠲᠣᠳᠣᠷᠬᠠᠶ | ᠳᠤᠷᠠᠳᠴᠤ᠂ ᠮᠠᠨ ᠤ ᠬᠤᠰᠢᠭᠤᠨ ᠤ ᠢᠷᠡᠭᠡᠳᠦᠶ ᠶᠢᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠰᠢᠨᠵᠢᠯᠡᠬᠦ | ᠤᠬᠠᠭᠠᠨᠴᠢ ᠪᠠᠷ ᠵᠢᠷᠤᠭᠯᠠᠨ᠂ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠮᠠᠨ ᠤ ᠬᠤᠰᠢᠭᠤᠨ ᠤ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠨ᠂ ᠬᠥᠮᠦᠰ ᠢ ᠵᠣᠷᠢᠭᠵᠢᠭᠤᠯᠵᠤ᠂ ᠪᠥᠬᠦ ᠲᠠᠯ᠎ᠠ ᠶᠢ ᠡᠵᠡᠮᠳᠡᠨ᠂ ᠴᠢᠭᠯᠡᠯ ᠢ | ᠵᠢᠭᠠᠭᠰᠠᠨ ᠰᠠᠶᠢᠨ ᠢᠯᠡᠳᠬᠡᠯ ᠪᠣᠯᠵᠠᠶ ᠭᠡᠵᠦ ᠰᠠᠨᠠᠯ ᠨᠢᠭᠡᠲᠡᠶ ᠪᠠᠶᠢᠪᠠ᠃ | | | | | | | | | | | | | | ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠵᠠᠩ ᠬᠤᠩ ᠰᠢᠨ ᠰᠢᠨ ᠮᠢᠨ ᠰᠢᠶᠠᠩ᠂ ᠱᠣᠣ ᠪᠠᠯᠭᠠᠰᠤ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ | ᠬᠤᠪᠢᠶᠠᠵᠤ ᠶᠠᠷᠢᠯᠴᠠᠬᠤ ᠬᠤᠷᠠᠯ ᠳᠤ ᠣᠷᠣᠯᠴᠠᠵᠠᠶ᠃ ᠬᠤᠷᠠᠯ ᠤᠨ ᠠᠬᠤᠶ ᠲᠠᠯᠠᠪᠠᠶ ᠳᠤ᠂ ᠲᠥᠯᠥᠭᠡᠯᠡᠭᠴᠢᠳ ᠠᠵᠢᠯ ᠤᠨ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠢᠳᠡᠪᠬᠢᠲᠡᠶ ᠪᠠᠷ ᠦᠵᠡᠯᠲᠡ ᠪᠣᠳᠣᠯ ᠢᠶᠠᠨ ᠶᠠᠷᠢᠵᠤ᠂ ᠵᠠᠩ ᠬᠤᠩ | ᠰᠢᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠨᠠᠷᠢᠯᠢᠭ ᠲᠡᠮᠳᠡᠭᠯᠡᠯ ᠬᠢᠵᠦ᠂ | ᠪᠠᠶᠢᠨ ᠲᠠᠬᠢᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠵᠠᠩ ᠬᠤᠩ ᠰᠢᠨ ᠴᠢᠬᠤᠯᠠᠴᠢᠯᠠᠭᠰᠠᠨ ᠨᠢ᠂ | ᠰᠢᠨ᠎ᠡ ᠶᠢ ᠡᠭᠦᠳᠬᠦ ᠤᠬᠠᠮᠰᠠᠷ ᠢᠶᠠᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠬᠥᠭᠵᠢᠯᠲᠡ ᠶᠢᠨ ᠤᠷᠤᠰᠬᠠᠯ ᠢ ᠴᠢᠩᠭ᠎ᠠ | ᠳᠠᠭᠠᠵᠤ᠂ ᠲᠣᠭᠠᠴᠢᠯᠠᠭᠰᠠᠨ ᠠᠮᠢ ᠠᠬᠤᠶ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠢ ᠪᠣᠶ ᠪᠣᠯᠭᠠᠨ᠂ | ᠲᠣᠭᠠᠴᠢᠯᠠᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠭᠦᠯᠬᠦ ᠬᠡᠷᠡᠭᠲᠡᠶ︔ | ᠲᠠᠷᠢᠶᠠᠯᠠᠩ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠠᠷᠢᠶᠠᠯᠠᠩ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠬᠡᠷᠡᠭᠲᠡᠶ︔ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠰᠠᠶᠢᠲᠤᠷ ᠬᠡᠷᠡᠭᠯᠡᠬᠦ᠂ | ᠴᠢᠳᠠᠪᠤᠷᠢᠲᠠᠨ ᠢ ᠦᠯᠡᠳᠡᠭᠡᠬᠦ ᠳᠡᠭᠡᠷ᠎ᠡ ᠬᠦᠴᠦ ᠲᠠᠯᠪᠢᠵᠤ᠂ ᠴᠢᠳᠠᠪᠤᠷᠢᠲᠠᠨ ᠤ ︽ᠪᠠᠬᠢᠯᠡᠯᠲᠡ︾ ᠶᠢ ᠢᠳᠡᠪᠬᠢᠲᠡᠶ | ᠰᠢᠪᠲᠤᠯᠤᠨ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠪᠠᠲᠤ ᠴᠢᠩᠭ᠎ᠠ | ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃ ᠬᠤᠰᠢᠭᠤᠨ ᠳᠤ ᠪᠠᠨ ᠪᠠᠶᠢᠭ᠎ᠠ ᠰᠢᠶᠠᠨ ᠭᠠᠵᠠᠷ ᠤᠨ | ᠳᠡᠰ ᠤᠨ ᠤᠳᠤᠷᠢᠳᠤᠯᠭ᠎ᠠ ᠨᠠᠷ ᠲᠤᠰ ᠲᠤᠰ ᠡᠯ᠎ᠡ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠬᠤ ᠬᠤᠷᠠᠯ ᠳᠤ | ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ | ᠬᠢᠨᠠᠨ ᠵᠥᠪᠯᠡᠵᠦ᠂ ᠰᠠᠨᠠᠯ ᠰᠠᠨᠠᠭᠤᠯᠭ᠎ᠠ ᠶᠢ ᠨᠢ ᠰᠣᠨᠣᠰᠤᠨ᠂ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ | ᠬᠥᠭᠵᠢᠯᠲᠡ ᠶᠢ ᠬᠠᠮᠲᠤ ᠪᠠᠷ ᠵᠥᠪᠳᠡᠯᠴᠡᠪᠡ᠃ | | | | | | | | | | | | | | | | | ᠲᠥᠯᠥᠭᠡᠯᠡᠭᠴᠢᠳ ᠠᠴᠠ᠂ ᠡᠯ᠎ᠡ ᠵᠦᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠭᠦᠯᠦᠯᠲᠡ ᠳᠤ ᠳᠤᠷᠠᠳᠤᠭᠰᠠᠨ ᠡᠯ᠎ᠡ ᠵᠦᠢᠯ ᠤᠨ ᠬᠠᠷᠠᠯᠲᠠ | ᠡᠭᠦᠷᠭᠡ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠭᠡᠪᠡ᠃ ︵ᠬᠠᠮ ᠵᠠᠭᠤᠴᠢᠯᠠᠭᠤᠷ ᠤᠨ ᠲᠥᠪ ᠤᠨ ᠪᠦᠬᠦ | ᠰᠤᠷᠪᠤᠯᠵᠢᠯᠠᠭᠴᠢ︶ | | |