ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠥᠨᠳᠥᠷᠯᠡᠪᠠ
ᠨᠡᠶᠢᠲᠡᠯᠡᠭᠰᠡᠨ ᠴᠠᠭ᠄
2025/1/22
       1 ᠰᠠᠷ᠎ᠠ ᠶᠢᠨ 21 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠬᠤᠷᠠᠯ ᠦᠵᠡᠭᠦᠯᠭᠡ ᠶᠢᠨ ᠲᠥᠪ ᠲᠤ ᠠᠮᠵᠢᠯᠲᠠ ᠲᠠᠢ ᠥᠨᠳᠥᠷᠯᠡᠪᠠ᠃ 174 ᠨᠡᠷ᠎ᠡ ᠲᠥᠯᠥᠭᠡᠯᠡᠭᠴᠢ ᠲᠡᠭᠦᠰᠬᠦ ᠬᠤᠷᠠᠯ ᠳᠤ ᠣᠷᠣᠯᠴᠠᠵᠤ᠂ ᠬᠠᠤᠯᠢ ᠶᠢᠨ ᠲᠣᠭᠲᠠᠭᠠᠯ ᠳᠠᠬᠢ ᠬᠥᠮᠦᠨ ᠤ ᠲᠤᠭ᠎ᠠ ᠳᠤ ᠨᠡᠶᠢᠴᠡᠨ᠎ᠡ᠃
       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠸᠧᠶ ᠪᠢᠯᠢᠭ᠂ ᠵᠠᠩ ᠬᠤᠩ ᠰᠢᠨ᠂ ᠬᠥᠬᠡᠪᠡᠷᠰ᠂ ᠶᠠᠩ ᠾᠦᠢ ᠶᠠᠨ᠂ ᠴᠢᠨ ᠶᠤᠸᠠᠢ ᠭᠦᠸᠧ᠂ ᠵᠠᠩ ᠰᠢᠤᠢ ᠫᠧᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠤᠯᠴᠠᠪᠠ᠃ ᠵᠠᠩ ᠬᠤᠩ  ᠰᠢᠨ  ᠶᠡᠭᠡ  ᠬᠤᠷᠠᠯ  ᠢ  ᠡᠷᠭᠢᠯᠡᠪᠡ᠃        ᠴᠧᠨ ᠬᠤ᠋ ᠨᠠᠨ᠂ ᠰᠡᠷᠭᠦᠯᠡᠩ᠂ ᠵᠢᠶᠠ ᡁᠢ ᠬᠤᠩ᠂ ᠭᠦᠸᠧ ᠯᠦ ᠮᠧᠩ᠂ ᠸᠠᠩ ᠶᠤᠸᠠᠨ ᠪᠢᠨ᠂ ᠭᠦᠸᠧ ᠶᠦᠩ ᠮᠢᠩ᠂ ᠸᠠᠩ ᠰᠢᠨ ᠡᠾᠦ᠋ᠢ᠂ ᠭᠦᠸᠧ ᠹᠧᠩ᠂ ᠬᠠᠨ ᠵᠢᠶᠧ᠂ ᠸᠠᠩ ᡁᠢ ᠶᠦᠩ᠂ ᠶᠠᠩ ᠵᠢᠶᠧ᠂ ᠳᠠᠩ ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ᠂ ᠴᠧᠨ ᠢᠦᠶ ᠮᠢᠩ᠂ ᠢᠦᠶ ᠸᠧᠶ ᠬᠤᠸᠠ᠂ ᠣᠳᠬᠤᠨᠪᠠᠶᠠᠷ᠂ ᠯᠢ ᠭᠦᠸᠧ ᠯᠢᠨ᠂ ᠵᠦ ᠰᠢᠤᠢ ᠭᠤᠸᠠᠩ᠂ ᠪᠦᠦ ᠵᠢᠶᠧ᠂ ᠡᠦ ᠴᠢᠩ ᠯᠢᠨ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃        ᠬᠤᠷᠠᠯ ᠠᠴᠠ ᠨᠠᠰᠤᠠᠪᠢᠯᠢᠭ᠌᠂ ᠵᠠᠩ ᠰᠢᠶᠣᠤ ᠰᠢᠤᠢ᠂ ᠴᠡᠩᠭᠡᠯᠲᠦ᠂ ᠾᠧᠦ ᠶᠠᠨ ᠾᠦᠢ᠂ ᠰᠦᠶ ᠴᠤᠤ ᠶᠢ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠨᠥᠬᠦᠨ ᠰᠣᠩᠭᠤᠪᠠ︔ 2024 ᠣᠨ ᠤ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠡᠯ ᠤᠨ ᠬᠠᠨᠤᠮᠵᠢ ᠶᠢᠨ ᠬᠡᠮᠵᠢᠶ᠎ᠡ ᠶᠢ ᠦᠨᠡᠯᠡᠨ ᠪᠠᠶᠢᠴᠠᠭᠠᠭᠰᠠᠨ ᠦᠷ᠎ᠡ ᠳ᠋ᠦᠩ᠂ 2025 ᠣᠨ ᠤ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠲᠤᠯᠠᠪᠠ᠃        ᠬᠤᠷᠠᠯ ᠠᠴᠠ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠢᠳᠪᠦᠷᠢ᠂ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ᠂ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ  ᠤᠨ ᠲᠤᠬᠠᠶ ᠰᠢᠢᠳᠪᠦᠷᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢ ᠪᠠᠲᠤᠯᠠᠪᠠ᠃
       ᠸᠧᠶ ᠪᠢᠯᠢᠭ ᠶᠠᠷᠢᠶᠠᠨ ᠳᠠᠭᠠᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠤᠭᠤᠷᠪᠢᠬᠤ ᠵᠢᠯ ᠪᠣᠯᠤᠨ᠎ᠠ᠃ ᠲᠦᠷᠦᠭᠦᠬᠡᠨ᠂ ᠨᠠᠮ  ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠯᠭᠠᠭ᠎ᠠ ᠪᠠᠷ ᠬᠤᠷᠠᠯ ᠬᠤᠷᠠᠯᠳᠤᠭᠤᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠳᠤ ᠰᠢᠰᠲ᠋ᠧᠮ ᠲᠠᠢ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠶᠡᠭᠡ ᠬᠡᠮᠵᠢᠶᠡᠨ ᠤ ᠲᠥᠷᠥ ᠶᠢᠨ ᠪᠣᠳᠣᠯᠭ᠎ᠠ ᠶᠢᠨ ᠠᠰᠢᠭᠲᠠᠶ ᠴᠢᠨᠠᠷ ᠢ ᠢᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠠᠴᠠ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠳᠣᠷᠬᠠᠶ ᠲᠣᠭᠲᠠᠭᠠᠵᠤ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠠᠴᠠ ︽ᠠᠷᠪᠠᠨ ᠶᠡᠭᠡ ᠠᠵᠢᠯᠯᠠᠭ᠎ᠠ︾ ᠪᠠ ︽ᠵᠢᠷᠭᠤᠭᠠᠨ ᠲᠠᠯ᠎ᠠ ᠶᠢᠨ ᠪᠣᠳᠠᠲᠠᠶ ᠠᠵᠢᠯ︾ ᠢ ᠳᠤᠷᠠᠳᠤᠨ ᠭᠠᠷᠭᠠᠵᠤ᠂ ᠪᠢᠳᠡᠨ ᠤ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ᠂ ᠭᠠᠷᠳᠠᠴᠠ ᠬᠠᠩᠭᠠᠪᠠ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ ᠪᠠ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠢᠮᠠᠭᠲᠠ ᠤᠯᠤᠰ ᠲᠥᠷᠥ ᠶᠢᠨ ᠲᠡᠷᠢᠭᠦᠨ ᠱᠠᠭᠠᠷᠳᠠᠯᠭ᠎ᠠ ᠪᠣᠯᠭᠠᠵᠤ᠂ ᠠᠷᠤ ᠬᠤᠷᠴᠢᠨ ᠬᠤᠰᠢᠭᠤᠨ ᠤ ᠠᠵᠢᠯ ᠢ ᠤᠬᠠᠮᠰᠠᠷ ᠠᠴᠠ ᠪᠠᠨ ᠪᠦᠬᠦ ᠤᠯᠤᠰ ᠪᠦᠬᠦ ᠬᠤᠲᠠ ᠶᠢᠨ ᠶᠡᠭᠡ ᠲᠠᠯ᠎ᠠ ᠠᠴᠠ ᠰᠡᠳᠬᠢᠨ ᠪᠣᠳᠣᠯᠬᠢᠯᠠᠵᠤ ᠲᠥᠯᠥᠪᠵᠢᠭᠦᠯᠦᠨ ᠠᠬᠢᠭᠤᠯᠵᠤ᠂ ᠪᠣᠳᠠᠲᠤ ᠬᠠᠨᠳᠤᠯᠭᠠᠲᠤ ᠴᠢᠨᠠᠷ ᠲᠠᠢ ᠪᠠᠷ ᠨᠢᠭᠲᠠ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃        ᠸᠧᠶ ᠪᠢᠯᠢᠭ ᠴᠢᠬᠤᠯᠠᠴᠢᠯᠠᠬᠤ ᠳᠠᠭᠠᠨ᠂ ᠲᠤᠰ ᠤᠳᠠᠭᠠᠨ ᠤ ᠬᠤᠷᠠᠯ ᠢᠶᠠᠷ ᠬᠢᠨᠠᠨ ᠵᠥᠪᠯᠡᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠬᠤᠰᠢᠭᠤᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠰᠠᠭᠠᠷᠳᠠᠯᠭ᠎ᠠ ᠲᠠᠢ ᠨᠢᠭᠡ ᠴᠣᠭᠴᠠ ᠪᠠᠷ ᠨᠡᠪᠲᠡᠷᠡᠯᠴᠡᠵᠤ᠂  ᠲᠣᠬᠢᠷᠠᠭᠤᠯᠤᠨ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠲᠦᠢᠯ ᠤᠨ ᠨᠠᠷᠢᠨ ᠪᠣᠳᠠᠲᠠᠶ ᠪᠠᠶᠢᠨ᠎ᠠ᠃ ᠬᠤᠰᠢᠭᠤ ᠳᠠᠶᠠᠭᠠᠷ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠥᠭ ᠠᠶᠢᠵᠠᠮ ᠪᠠ ᠠᠯᠬᠤᠭ᠎ᠠ ᠶᠢ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠂ ᠦᠨᠡᠨᠬᠦ ᠪᠣᠳᠠᠲᠠᠶ ᠠᠵᠢᠯᠯᠠᠵᠤ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃        ᠸᠧᠶ ᠪᠢᠯᠢᠭ ᠪᠠᠰᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠴᠢᠬᠤᠯᠠᠴᠢᠯᠠᠨ ᠳᠡᠮᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠪᠣᠯᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ᠂ ᠵᠠᠰᠠᠯᠲᠠ ᠶᠢᠨ ᠬᠦᠴᠦᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠶ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠵᠠᠶ᠃
       ᠵᠠᠩ ᠬᠤᠩ ᠰᠢᠨ ᠶᠠᠷᠢᠶᠠᠨ ᠳᠠᠭᠠᠨ᠂ ᠬᠤᠰᠢᠭᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠤᠬᠠᠮᠰᠠᠷ ᠠᠴᠠ ᠪᠠᠨ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠲᠠᠯᠪᠢᠬᠤ᠂ ᠲᠣᠭᠲᠠᠭᠠᠬᠤ᠂ ᠲᠣᠮᠢᠯᠠᠬᠤ ᠪᠠᠭᠤᠯᠭᠠᠬᠤ᠂ ᠲᠥᠯᠥᠭᠡᠯᠡᠬᠦ ᠵᠡᠷᠭᠡ ᠡᠯ᠎ᠡ ᠵᠦᠢᠯ ᠤᠨ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠭᠰᠠᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠦᠯᠲᠠ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂  ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠢᠨᠠᠮᠠᠭᠠᠶ ᠰᠣᠨᠣᠰᠴᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠷᠠᠳ ᠣᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠵᠤ᠂ ᠠᠷᠤ ᠬᠤᠷᠴᠢᠨ ᠬᠤᠰᠢᠭᠤᠨ ᠤ ᠠᠵᠤ  ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
       ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠥᠨᠳᠥᠷᠯᠡᠪᠡ᠃ ︵ᠬᠠᠮ ᠵᠠᠭᠤᠴᠢᠯᠠᠭᠤᠷ ᠤᠨ ᠲᠥᠪ ᠤᠨ ᠪᠦᠬᠦ ᠰᠤᠷᠪᠤᠯᠵᠢᠯᠠᠭᠴᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号