ᠴᠧᠨ ᠬᠤ᠋ ᠨᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠣᠡᠪᠣᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/23
       ᠣᠶᠢᠷ᠎ᠠ ᠶᠢᠨ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠣᠡᠪᠣᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠠᠷ ᠪᠠᠶᠠᠰᠬᠤᠯᠠᠩ ᠥᠯᠵᠡᠢ ᠬᠡᠶᠢᠮᠣᠷᠢ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
       ᠴᠧᠨ ᠬᠤ᠋ ᠨᠠᠨ ᠤᠷᠢᠳ ᠬᠤᠵᠢᠳ ᠹᠦ᠋ ᠲᠢᠶᠠᠨ ᠬᠤᠸᠠᠷ ᠫᠤᠤᠵᠢᠩ ᠤᠨ ᠺᠣᠮᠫᠠᠨᠢ᠂ ᠷᠦᠨ ᠸᠠᠨ ᠵᠢᠶᠠ ᠬᠡᠲᠦ ᠳᠡᠯᠭᠡᠭᠦᠷ᠂ ᠴᠠᠩ ᠴᠧᠩ ᠢᠯᠴᠢ ᠶᠢᠨ ᠬᠦᠴᠦᠨ ᠤ ᠺᠣᠮᠫᠠᠨᠢ᠂ ᠶᠤᠸᠠᠨ ᠢ ᠠᠮᠢᠳᠤ ᠪᠣᠳᠠᠰ ᠤᠨ ᠴᠣᠭᠴᠠ ᠶᠢᠨ ᠰᠢᠨᠵᠢᠯᠡᠬᠦ ᠮᠡᠷᠭᠡᠵᠢᠯ ᠤᠨ ᠺᠣᠮᠫᠠᠨᠢ ᠵᠡᠷᠭᠡ ᠭᠠᠵᠠᠷ ᠲᠤ ᠬᠦᠷᠴᠦ᠂ ᠬᠦᠷᠦᠭᠰᠡᠨ ᠭᠠᠵᠠᠷ ᠪᠣᠯᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠮᠤ ᠪᠤᠳᠠᠭ᠎ᠠ ᠢᠳᠡᠰᠢᠨ ᠲᠣᠰᠣ ᠭᠤᠯᠢᠷ᠂ ᠨᠣᠭᠤᠭ᠎ᠠ ᠵᠢᠮᠢᠰ ᠮᠢᠬ᠎ᠠ ᠥᠨᠳᠡᠭᠡ ᠵᠡᠷᠭᠡ ᠡᠯ᠎ᠡ ᠲᠥᠷᠥᠯ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠨᠥᠭᠡᠴᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠡᠯ ᠢ ᠨᠠᠷᠢᠨ ᠨᠢᠮᠪᠠᠶ ᠠᠰᠠᠭᠤᠨ ᠯᠠᠪᠯᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠶ᠃
       ᠴᠧᠨ ᠬᠤ᠋ ᠨᠠᠨ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠣᠡᠪᠣᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠲᠠᠢ ᠬᠤᠯᠪᠣᠭᠳᠠᠵᠤ ᠪᠠᠶᠢᠭ᠎ᠠ ᠤᠴᠢᠷ ᠠᠴᠠ ᠠᠶᠤᠯᠭᠦᠶ ᠦᠢᠯᠡᠣᠡᠪᠣᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠤ᠂ ᠰᠢᠲᠠᠮᠠᠬᠠᠶ ᠬᠡᠶ ᠶᠢᠨ ᠭᠠᠯ ᠤᠨᠲᠠᠷᠠᠭᠠᠯᠲᠠ᠂ ᠬᠤᠸᠠᠷ ᠫᠤᠤᠵᠢᠩ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠲᠤ ᠪᠥᠬᠦ ᠬᠦᠴᠦᠨ ᠢᠶᠠᠷ ᠢᠶᠠᠨ ᠪᠠᠶᠢᠴᠠᠭᠠᠯᠳᠠ ᠬᠢᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠨ᠂ ᠠᠳᠡᠯ ᠢ ᠰᠡᠷᠭᠡᠶᠢᠯᠡᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠶᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠪᠠᠷᠠᠭᠠᠨ ᠤ ᠢᠷᠡᠯᠲᠡ ᠶᠢᠨ ᠵᠠᠮ ᠢ ᠰᠠᠭᠠᠳ ᠥᠬᠡᠶ ᠨᠡᠪᠲᠡᠷᠡᠭᠦᠯᠵᠦ᠂ ᠪᠠᠷᠠᠭᠠᠨ ᠤ ᠢᠷᠡᠯᠲᠡ ᠶᠢᠨ ᠪᠣᠭᠤᠮᠲᠠ᠂ ᠪᠠᠶᠢᠴᠠᠭᠠᠨ ᠰᠢᠯᠭᠠᠬᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠬᠠᠮᠠᠭᠠᠯᠠᠬᠤ ᠬᠡᠷᠡᠭᠲᠡᠶ᠃ ᠤᠰᠤ ᠴᠠᠬᠢᠯᠭᠠᠨ ᠤ ᠬᠠᠩᠭᠠᠯᠭ᠎ᠠ᠂ ᠰᠢᠲᠠᠮᠠᠬᠠᠶ ᠬᠡᠢ ᠢᠯᠴᠢ ᠶᠢᠨ ᠬᠠᠩᠭᠠᠯᠭ᠎ᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠰᠠᠶᠢᠳᠣᠷ ᠬᠢᠵᠦ᠂ ᠰᠡᠯᠪᠢᠨ ᠵᠠᠰᠠᠬᠤ ᠲᠥᠬᠦᠭᠡᠷᠦᠮᠵᠢ ᠶᠢ ᠤᠷᠢᠳᠴᠢᠯᠠᠨ ᠪᠠᠶᠢᠴᠠᠭᠠᠨ ᠵᠠᠰᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠡᠯᠪᠢᠨ ᠵᠠᠰᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠶ᠃
       ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠭᠦᠸᠧ ᠯᠢᠨ᠂ ᠬᠤᠰᠢᠭᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠣᠯᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号