ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ ᠠᠷᠤ ᠬᠤᠷᠴᠢᠨ ᠬᠤᠰᠢᠭᠤᠨ ᠳᠤ ᠲᠣᠬᠤᠨᠢᠭᠤᠯᠭ᠎ᠠ ᠬᠢᠪᠠ
ᠨᠡᠶᠢᠲᠡᠯᠡᠭᠰᠡᠨ ᠴᠠᠭ᠄
2025/1/23
       ᠰᠢᠨ᠎ᠡ ᠵᠢᠯ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠡᠨᠡ ᠰᠠᠶᠢᠬᠠᠨ ᠲᠠᠰᠢᠷᠠᠮ ᠢᠶᠠᠷ᠂  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ  ᠱᠧᠩ ᠼᠠᠢ 1 ᠰᠠᠷ᠎ᠠ ᠶᠢᠨ 21 ᠤ ᠡᠳᠦᠷ ᠠᠷᠤ ᠬᠤᠷᠴᠢᠨ ᠬᠤᠰᠢᠭᠤᠨ ᠳᠤ ᠰᠢᠨ᠎ᠡ ᠪᠠᠷ ᠠᠵᠢᠯ ᠣᠯᠤᠭᠰᠠᠳ᠂ ᠠᠮᠢᠳᠤᠷᠠᠯ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢ ᠡᠷᠭᠢᠨ ᠦᠵᠡᠵᠦ ᠲᠣᠬᠤᠨᠢᠭᠤᠯᠤᠨ᠂ ᠲᠡᠳᠡᠨ ᠳᠤ ᠵᠢᠯ ᠴᠠᠭᠠᠨ ᠰᠠᠷ᠎ᠠ ᠶᠢᠨ ᠢᠷᠦᠭᠡᠯ ᠵᠥᠩᠨᠡᠯ ᠪᠣᠯᠤᠨ ᠮᠡᠨᠳᠦᠴᠢᠯᠡᠯ ᠳᠡᠪᠰᠢᠭᠦᠯᠵᠡᠶ᠃ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠠᠨ ᠵᠢᠶᠧ ᠲᠣᠬᠤᠨᠢᠭᠤᠯᠭ᠎ᠠ ᠳᠤ ᠣᠷᠣᠯᠴᠠᠪᠠ᠃
       ᠴᠢᠪᠠᠭ᠎ᠠ ᠪᠠᠯᠭᠠᠰᠤᠨ ᠤ ᠱᠦᠨ ᠹᠧᠩ ᠲᠦᠷᠭᠡᠨ ᠬᠦᠷᠭᠡᠯᠲᠡ ᠶᠢᠨ ᠺᠣᠮᠫᠠᠨᠢ ᠳᠤ᠂ ᠸᠠᠩ ᠱᠧᠩ ᠼᠠᠢ ᠲᠦᠷᠭᠡᠨ ᠬᠦᠷᠭᠡᠯᠲᠡ ᠶᠢᠨ ᠬᠤᠷᠢᠶᠠᠵᠤ ᠶᠠᠪᠤᠭᠤᠯᠬᠤ ᠬᠡᠮᠵᠢᠶ᠎ᠡ᠂ ᠰᠢᠶᠠᠩ ᠪᠠᠯᠭᠠᠰᠤᠨ ᠤ ᠲᠤᠤᠷ ᠴᠡᠭ ᠤᠨ  ᠪᠠᠶᠢᠷᠢᠯᠠᠭᠤᠯᠣᠯᠳᠠ ᠪᠣᠯᠤᠨ ᠲᠣᠬᠢᠷᠠᠭᠤᠯᠤᠨ ᠬᠦᠷᠭᠡᠬᠦ ᠶᠠᠪᠤᠴᠠ ᠵᠡᠷᠭᠡ ᠺᠣᠮᠫᠠᠨᠢ ᠶᠢᠨ ᠡᠵᠡᠩᠨᠡᠯᠲᠡ ᠦᠢᠯᠡᠣᠡᠪᠣᠷᠢᠯᠡᠯ ᠤᠨ ᠪᠠᠶᠢᠳᠡᠯ ᠢ ᠨᠠᠷᠢᠨ ᠤᠶᠢᠯᠠᠭᠠᠵᠤ᠂ ︽ᠲᠦᠷᠭᠡᠨ ᠬᠦᠷᠭᠡᠭᠴᠢ︾ ᠠᠴᠠ ᠣᠯᠠᠨ ᠲᠦᠮᠡᠨ ᠤ ᠳᠥᠭᠦᠮ ᠳᠥᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠬᠥᠳᠡᠯᠮᠦᠷᠢ ᠵᠢᠳᠬᠦᠯ ᠳᠤ ᠪᠠᠶᠠᠷᠯᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠳᠡᠨ ᠳᠤ ᠠᠵᠢᠯᠯᠠᠵᠤ ᠠᠮᠠᠷᠠᠬᠤ ᠪᠠᠨ ᠠᠩᠬᠠᠷᠴᠤ᠂ ᠬᠦᠢᠲᠡᠨ ᠠᠴᠠ ᠰᠡᠷᠭᠡᠶᠢᠯᠡᠬᠦ ᠪᠠ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠭᠡᠷᠡᠶ ᠭᠡᠵᠦ ᠵᠠᠬᠢᠪᠠ᠃ ᠠᠮᠢᠳᠤᠷᠠᠯ ᠨᠢ ᠬᠦᠴᠢᠷᠳᠡᠯᠲᠡᠶ ᠢᠦᠶ ᠰᠢᠶᠣᠤ ᠰᠦᠩ ᠤᠨ ᠬᠢᠨ ᠳᠤ᠂ ᠸᠠᠩ ᠱᠧᠩ ᠼᠠᠢ ᠲᠡᠳᠡᠨᠠᠶᠢᠬᠢᠨ ᠲᠠᠢ ᠵᠣᠭᠤᠭ ᠳᠡᠯᠭᠡᠵᠦ᠂ ᠲᠡᠳᠡᠨ ᠤ ᠦᠢᠯᠡᠣᠡᠪᠣᠷᠢᠯᠡᠯ᠂ ᠠᠮᠢᠳᠤᠷᠠᠯ ᠵᠢᠴᠢ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠵᠡᠷᠭᠡ ᠪᠠᠶᠢᠳᠡᠯ ᠢ ᠤᠶᠢᠯᠠᠭᠠᠨ᠂ ᠲᠡᠳᠡᠨ ᠢ ᠢᠳᠡᠪᠬᠢᠲᠡᠶ ᠪᠠᠷ ᠬᠦᠴᠢᠷᠳᠡᠯ ᠳᠤ ᠬᠠᠨᠳᠤᠵᠤ᠂ ᠤᠯᠠᠮ ᠠᠴᠠ ᠤᠯᠠᠮ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠵᠡᠮᠳᠡᠭᠴᠦᠳ ᠢ ᠣᠨᠴᠠᠭᠠᠶ ᠠᠩᠬᠠᠷᠤᠨ ᠬᠠᠯᠠᠮᠵᠢᠯᠠᠵᠤ᠂ ᠬᠠᠪᠰᠤᠷᠤᠨ ᠲᠡᠳᠬᠦᠬᠦ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠡᠳᠡᠨ ᠢ ᠢᠳᠡᠪᠬᠢᠲᠡᠶ ᠪᠠᠷ ᠬᠠᠪᠰᠤᠷᠤᠨ ᠬᠠᠮᠤᠭ  ᠤᠨ  ᠠᠩᠬᠠᠷᠴᠤ  ᠪᠠᠶᠢᠭ᠎ᠠ᠂ ᠬᠠᠮᠤᠭ  ᠤᠨ  ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ ᠦᠭᠬᠦ ᠬᠡᠷᠡᠭᠲᠡᠶ ᠭᠡᠵᠦ ᠱᠠᠭᠠᠷᠳᠠᠵᠠᠶ᠃ ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠯᠢᠦ ᠢᠦᠶ ᠶᠢᠨ ᠬᠢᠨ ᠳᠤ᠂ ᠸᠠᠩ ᠱᠧᠩ ᠼᠠᠢ ᠠᠴᠠ ᠯᠢᠦ ᠢᠦᠶ ᠶᠢᠨ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠡ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ ᠭᠦᠢᠴᠡᠣᠨ ᠨᠤᠲᠠᠯᠠᠬᠤ ᠶᠢᠨ ᠬᠠᠮᠲᠤ ᠲᠡᠭᠦᠨ ᠤ ᠦᠷᠭᠦᠯᠵᠢᠯᠡᠨ  ᠵᠢᠱᠢᠶᠡᠴᠢ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠳᠣᠷ ᠰᠤᠷᠲᠠᠯᠴᠢᠯᠠᠨ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠵᠢᠱᠢᠶ᠎ᠡ ᠶᠢ ᠰᠠᠶᠢᠳᠣᠷ ᠶᠠᠷᠢᠵᠤ᠂ ᠳᠡᠷᠭᠡᠳᠡᠬᠢ ᠣᠯᠠᠨ ᠲᠦᠮᠡᠨ ᠢᠶᠠᠨ ᠳᠠᠭᠠᠭᠤᠯᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠠᠩ ᠥᠩᠭᠡ ᠢᠯᠭᠠᠷᠠᠮ᠎ᠠ ᠳᠡᠯᠭᠡᠷᠡᠭᠦᠯᠬᠦ ᠶᠢ ᠬᠦᠰᠡᠪᠡ᠃ ︵ᠵᠤᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号