︽ᠨᠡᠭᠦᠳᠡᠯ ᠤᠨ ᠤᠶᠠᠩᠭ᠎ᠠ︾ ᠤᠷᠠᠯᠢᠭ ᠤᠨ ᠰᠤᠷᠭᠠᠭᠤᠯᠢ ᠰᠠᠷ᠎ᠠ ᠰᠢᠨ᠎ᠡ ᠶᠢᠨ ᠦᠳᠡᠰᠢᠯᠡᠭᠡ ᠡᠷᠭᠢᠯᠡᠪᠡ
ᠨᠡᠶᠢᠲᠡᠯᠡᠭᠰᠡᠨ ᠴᠠᠭ᠄
2025/1/24
       1 ᠰᠠᠷ᠎ᠠ ᠶᠢᠨ 21 ᠤ ᠡᠳᠦᠷ᠂ ︽ᠨᠡᠭᠦᠳᠡᠯ ᠤᠨ ᠤᠶᠠᠩᠭ᠎ᠠ︾ ᠤᠷᠠᠯᠢᠭ ᠤᠨ ᠰᠤᠷᠭᠠᠭᠤᠯᠢ ᠶᠢᠨ ᠰᠠᠷ᠎ᠠ ᠰᠢᠨ᠎ᠡ ᠪᠠᠨ ᠤᠭᠲᠤᠬᠤ ᠦᠳᠡᠰᠢᠯᠡᠭᠡ ᠬᠤᠰᠢᠭᠤᠨ ᠲᠥᠪ ᠴᠢᠪᠠᠭ᠎ᠠ ᠪᠠᠯᠭᠠᠰᠤ ᠶᠢᠨ ᠵᠢᠩ ᠲᠢᠶᠠᠨ ᠬᠤᠷᠢᠮ ᠨᠠᠶᠢᠷ ᠤᠨ ᠦᠢᠯᠡᠴᠢᠯᠡᠭᠡᠨ ᠤ ᠲᠥᠪ ᠲᠤ ᠨᠢᠵᠢᠬᠡᠷ ᠰᠠᠶᠢᠬᠠᠨ ᠶᠠᠪᠤᠭᠳᠠᠪᠠ᠃
       ᠦᠳᠡᠰᠢᠯᠡᠭᠡ ᠨᠢ ︽ᠪᠣᠭᠳᠠ ᠴᠢᠩᠭᠢᠰ︾ ᠬᠡᠮᠡᠬᠦ ᠤᠷᠳᠤ ᠶᠢᠨ ᠳᠠᠭᠤᠤ ᠪᠠᠷ ᠡᠬᠢᠯᠡᠵᠦ᠂ ︽ᠨᠠᠶᠢᠷᠯᠠᠨ ᠳᠠᠭᠤᠯᠠᠶ᠎ᠠ︾᠂ ︽ᠰᠢᠨ᠎ᠡ ᠵᠢᠯ ᠤᠨ ᠠᠶ᠎ᠠ︾᠂ ︽ᠺᠤᠨ᠋ᠰᠹᠧᠷᠲ︾ ᠵᠡᠷᠭᠡ ᠮᠣᠷᠢᠨ ᠬᠤᠭᠤᠷ᠂ ᠲᠡᠭᠦᠯᠳᠡᠷ ᠬᠥᠭᠵᠢᠮ᠂ ᠡᠷᠡᠤ ᠬᠤᠭᠤᠷ ᠤᠨ ᠭᠤᠴᠣ ᠰᠠᠶᠢᠬᠠᠨ ᠠᠶᠠᠰ ᠢᠶᠠᠷ ᠰᠣᠨᠣᠰᠤᠭᠰᠠᠨ ᠪᠦᠬᠦᠨ ᠤ ᠰᠡᠳᠬᠢᠯ ᠢ ᠤᠶᠠᠰᠬᠠᠨ᠂ ᠬᠠᠮᠲᠤᠯᠢᠭ ᠤᠨ ᠳᠠᠭᠤᠤ᠂ ᠭᠤᠴᠣᠯᠠᠯ ᠳᠠᠭᠤᠤ᠂ ᠪᠥᠵᠢᠭ ᠵᠡᠷᠭᠡ ᠬᠤᠷᠢ ᠭᠠᠷᠤᠶ ᠲᠣᠭᠯᠠᠯᠲᠠ ᠪᠠᠷ ᠢᠶᠠᠨ ᠬᠤᠷᠠᠭᠰᠠᠨ ᠣᠯᠠᠨ ᠤ ᠪᠠᠭ᠋ᠠᠷᠬᠠᠯ ᠢ ᠲᠠᠲᠠᠭᠰᠠᠨ ᠪᠠᠶᠢᠨ᠎ᠠ᠃
 
       ᠤᠶᠢᠯᠠᠭᠠᠡᠡᠰᠡᠨ ᠢᠶᠠᠷ᠂ ᠨᠡᠭᠦᠳᠡᠯ ᠤᠨ ᠤᠶᠠᠩᠭ᠎ᠠ ᠤᠷᠠᠯᠢᠭ ᠤᠨ ᠰᠤᠷᠭᠠᠭᠤᠯᠢ ᠨᠢ 2019 ᠣᠨ ᠳᠤ ᠪᠠᠶᠢᠭᠤᠯᠣᠡᠡᠳᠡᠵᠤ᠂ ᠮᠣᠷᠢᠨ ᠬᠤᠭᠤᠷ᠂ ᠲᠡᠭᠦᠯᠳᠡᠷ ᠬᠤᠭᠤᠷ᠂ ᠳᠠᠭᠤᠯᠠᠬᠤᠶ ᠮᠡᠷᠭᠡᠵᠢᠯ ᠵᠡᠷᠭᠡ ᠭᠤᠷᠪᠠᠨ ᠮᠡᠷᠭᠡᠵᠢᠯ ᠢᠶᠠᠷ ᠬᠢᠴᠢᠶᠡᠯᠯᠡᠵᠦ ᠪᠠᠶᠢᠭ᠎ᠠ ᠪᠥᠭᠡᠳ ᠮᠠᠯᠴᠢᠳ ᠤᠨ ᠬᠡᠦᠬᠡᠳ ᠲᠤ ᠤᠷᠠᠯᠢᠭ ᠤᠨ ᠪᠣᠯᠪᠠᠰᠤᠷᠠᠯ ᠬᠦᠷᠲᠡᠭᠡᠬᠦ ᠵᠣᠷᠢᠯᠭ᠎ᠠ ᠪᠠᠷ ᠬᠥᠳᠡᠭᠡ ᠨᠤᠲᠤᠭ ᠲᠤ ᠰᠠᠯᠪᠤᠷᠢ ᠰᠤᠷᠭᠠᠭᠤᠯᠢ ᠨᠡᠭᠡᠭᠡᠵᠦ᠂ ᠣᠳᠣ ᠪᠣᠯᠬᠤ ᠳᠤ 200 ᠭᠠᠷᠤᠶ ᠰᠤᠷᠤᠭᠴᠢᠳ ᠮᠡᠷᠭᠡᠵᠢᠯ ᠤᠨ ᠤᠷ᠎ᠠ ᠴᠢᠳᠠᠪᠤᠷᠢ ᠪᠠᠷ ᠬᠥᠮᠦᠵᠢᠭᠦᠯᠦᠨ᠂ ᠤᠯᠤᠰ ᠣᠷᠣᠨ ᠤ ᠣᠷᠤᠯᠳᠤᠭᠠᠨ ᠳᠤ ᠠᠯᠲᠠᠨ ᠮᠧᠳᠠᠯ ᠬᠦᠷᠲᠡᠨ᠂ ᠠᠯᠳᠠᠷ ᠨᠠᠷ᠎ᠡ ᠪᠠᠨ ᠳᠠᠭᠤᠷᠢᠰᠤᠭᠤᠯᠵᠤ ᠶᠠᠪᠤᠭ᠎ᠠ ᠠᠵᠠᠶ᠃ ᠲᠤᠰ ᠰᠤᠷᠭᠠᠭᠤᠯᠢ ᠨᠢ ᠮᠥᠨᠴᠦ ᠳᠤᠮᠳᠠᠳᠤ ᠤᠯᠤᠰ ᠤᠨ ᠳᠠᠭᠤᠤ ᠤᠷᠠᠯᠢᠭ ᠤᠨ ᠶᠡᠭᠡ ᠰᠤᠷᠭᠠᠭᠤᠯᠢ ᠶᠢᠨ ᠳᠠᠭᠤᠤ ᠪᠣᠯᠤᠨ ᠲᠡᠭᠦᠯᠳᠡᠷ ᠬᠤᠭᠤᠷ ᠤᠨ ᠳᠡᠰ ᠳᠠᠪᠠᠭᠤᠯᠲᠠ ᠶᠢᠨ ᠰᠢᠯᠭᠠᠷᠠᠭᠤᠯᠤᠯᠲᠠ ᠶᠢᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠵᠡᠭᠦᠨ ᠬᠤᠶᠢᠳᠦ ᠣᠷᠣᠨ ᠤ ᠰᠣᠶᠣᠯ ᠤᠷᠠᠯᠢᠭ ᠤᠨ ᠰᠤᠳᠤᠯᠬᠤ ᠨᠡᠶᠢᠭᠡᠮᠯᠢᠭ ᠤᠨ ᠮᠣᠷᠢᠨ ᠬᠤᠭᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠲᠣᠭᠳᠠᠭᠠᠭᠳᠠᠵᠠᠶ᠃ ︵ᠨᠠᠳᠮᠢᠳᠰᠠᠷᠠᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号