| ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ ᠶᠢᠨ ᠲᠠᠯ᠎ᠠ ᠪᠠᠷ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠶᠢᠨ ᠨᠥᠭᠡᠴᠡᠯᠡᠯᠲᠡ ᠶᠢᠨ ᠲᠦᠷᠦᠯ ᠵᠦᠢᠯ ᠢ 5400 ᠠᠴᠠ ᠳᠡᠭᠡᠭᠰᠢ | ᠪᠠᠶᠢᠯᠭᠠᠵᠦ᠂ ᠤᠮᠠᠷᠠᠲᠤ ᠬᠢᠯᠢ ᠶᠢᠨ ᠠᠮᠢᠲᠠᠳ ᠤᠨ ᠬᠢᠵᠢᠭ ᠲᠤ ᠦᠯᠦ ᠬᠠᠯᠳᠠᠭᠠᠬᠤ ᠬᠤᠩᠬᠢᠯ ᠤᠨ ᠪᠦᠳᠦᠭᠡᠨ | ᠪᠠᠶᠢᠭᠤᠯᠤᠯᠲᠠ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠲᠦᠷᠦᠯ ᠵᠦᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠲᠦᠷᠦᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠤᠳ ᠢ ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ᠂ | ᠲᠢᠩᠬᠢᠮ ᠤᠨ ᠲᠠᠰ ᠤᠨ ᠺᠠᠳ᠋ᠷᠴᠦᠳ ᠤᠨ ᠳᠠᠭᠠᠭᠠᠴᠢᠯᠠᠨ ᠬᠤᠯᠪᠣᠭᠠᠯᠠᠬᠤ᠂ ᠠᠵᠤ ᠠᠬᠤᠶᠢᠯᠠᠯ ᠤᠳ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠣᠭᠲᠠᠴᠠ ᠶᠢ ᠭᠦᠨᠵᠡᠭᠡᠶᠢᠷᠡᠭᠦᠯᠵᠦ᠂ 2025 ᠣᠨ ᠳᠤ | ᠪᠣᠷᠣᠯᠠᠭᠤᠯᠭ᠎ᠠ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ 2 ᠡᠷᠦᠬᠡ ᠠᠵᠤ ᠠᠬᠤᠶᠢᠯᠠᠯ᠂ | ᠪᠣᠷᠤᠯᠠᠭᠤᠯᠭ᠎ᠠ ᠶᠢᠨ ᠤᠷᠤᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ 8 ᠡᠷᠦᠬᠡ ᠠᠵᠤ ᠠᠬᠤᠶᠢᠯᠠᠯ ᠢ | ᠬᠦᠮᠦᠵᠢᠭᠦᠯᠦᠨ ᠪᠤᠶᠢᠵᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠴᠡᠪᠡᠷᠯᠡᠭᠴᠢ᠂ ᠤᠢ ᠰᠢᠭᠤᠢ ᠶᠢᠨ ᠬᠠᠮᠠᠭᠠᠯᠠᠭᠴᠢ ᠵᠡᠷᠭᠡ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 8.5 ᠲᠦᠮᠡ ᠠᠴᠠ ᠳᠡᠭᠡᠭᠰᠢ ᠨᠡᠬᠡᠬᠡᠨ | ᠬᠦᠭᠵᠢᠭᠦᠯᠪᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠤᠨ | ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠵᠤ᠂ 2025 ᠣᠨ ᠳᠤ ᠪᠡᠯᠡ | ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠦᠷᠢᠶᠡᠯᠡᠩ | ᠲᠣᠭᠤᠷᠢᠭ ᠢ 72 ᠲᠥᠪᠯᠡᠷᠡᠭᠦᠯᠦᠨ ᠪᠠᠶᠢᠭᠤᠯᠵᠤ᠂ ᠲᠤᠰ ᠭᠠᠵᠠᠷ ᠤᠨ ᠠᠵᠢᠯᠴᠢᠨ ᠢ ᠬᠡᠷᠡᠭᠯᠡᠬᠦ ᠬᠠᠷᠢᠴᠠᠯ ᠢ | ᠥᠷᠭᠡᠳᠬᠡᠨ᠎ᠡ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠥᠨᠳᠥᠷ ᠪᠦᠲᠦᠮᠵᠢᠲᠡᠢ ᠤᠰᠤ | ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ 150 | ᠲᠦᠮᠡᠨ ᠮᠦ ᠠᠴᠠ ᠳᠡᠭᠡᠭᠰᠢ ᠤᠰᠤᠯᠠᠯᠲᠠ ᠶᠢᠨ ᠭᠠᠵᠠᠷ ᠢ ᠬᠤᠭᠤᠯᠠᠢ ᠪᠠᠷ ᠣᠰᠤᠯᠠᠵᠤ ᠪᠠᠶᠢᠭᠰᠠᠨ ᠠᠴᠠ ᠨᠢ ᠪᠠ | ᠳᠤᠰᠤᠯᠭᠠᠨ ᠤᠰᠤᠯᠠᠬᠤ ᠶᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠤᠰᠤᠯᠠᠯᠲᠠ ᠶᠢᠨ | ᠭᠠᠵᠠᠷ ᠢ 270 ᠲᠦᠮᠡᠨ ᠮᠦ ᠠᠴᠠ ᠳᠡᠭᠡᠭᠰᠢ ᠪᠠᠶᠢᠯᠭᠠᠬᠤ ᠪᠠᠷ ᠳᠡᠯᠭᠡᠷᠡᠭᠦᠯᠵᠦ᠂ ᠤᠰᠤ ᠠᠷᠪᠢᠯᠠᠬᠤ ᠶᠢ 2.7 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠲᠠᠪᠤ ᠳᠤ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠥᠪᠥᠷ ᠮᠣᠩᠭᠤᠯ ᠤᠨ | ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠶᠢ | ᠠᠬᠢᠭᠤᠯᠤᠨ᠎ᠠ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ | ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠠᠭᠤᠰᠤᠯᠴᠠᠭᠤᠯᠤᠨ | ᠬᠦᠭᠵᠢᠭᠦᠯᠬᠦ ᠶᠢ ᠠᠬᠢᠭᠤᠯᠤᠨ᠎ᠠ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ︶ | | |