ᠪᠥᠬᠦ ᠬᠤᠰᠢᠭᠤᠨ ᠤ ︽ᠳᠤᠮᠳᠠᠲᠤ ᠶᠢᠨ ᠦᠨᠳᠣᠰᠣᠳᠠᠨ ᠤ ᠬᠠᠮᠲᠤ ᠶᠢᠨ ᠴᠣᠡᠡᠴᠠ ᠶᠢᠨ ᠤᠬᠠᠮᠰᠠᠷ ᠢ ᠪᠠᠳᠣᠣᠡᠬᠠᠵᠤ᠂ ︿ᠵᠢᠱᠢᠶᠡᠴᠢ ᠦᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠲᠤᠪᠲᠤ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠦᠵᠡᠭᠦᠯᠭᠡ ᠵᠢᠩᠭᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/1/3
       1 ᠰᠠᠷ᠎ᠠ ᠶᠢᠨ 2 ᠤᠨ ᠡᠳᠤᠷ᠂ ᠪᠥᠬᠦ ᠬᠤᠰᠢᠭᠤᠨ ᠤ ︽ᠳᠤᠮᠳᠠᠲᠤ ᠶᠢᠨ ᠦᠨᠳᠦᠰᠣᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠠᠴᠢ ᠦᠪᠡᠷᠳᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠳᠣᠭᠡᠨ ᠪᠠᠶᠢᠭᠤᠯᠬᠤ︾ ᠭᠤᠣᠯ ᠰᠡᠲᠤᠪᠲᠤ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠦᠵᠡᠭᠦᠯᠭᠡ ᠵᠢᠩᠬᠢᠨᠢ ᠪᠠᠷ ᠡᠬᠢᠯᠡᠵᠦ᠂ ᠬᠤᠰᠢᠭᠤᠨ ᠤᠳᠤᠷᠢᠳᠤᠯᠭ᠎ᠠ ᠸᠠᠩ ᠶᠤᠸᠠᠨ ᠪᠢᠨ᠂ ᠭᠦᠸᠧ ᠶᠦᠩ ᠮᠢᠩ᠂ ᠸᠠᠩ ᠰᠢᠨ ᠾᠦᠢ᠂ ᠬᠠᠨ ᠵᠢᠶᠧ᠂ ᠸᠠᠩ ᡁᠢ ᠶᠦᠩ᠂ ᠶᠠᠩ ᠵᠢᠶᠧ᠂ ᠯᠢᠦ ᠸᠧᠨ ᠴᠢᠩ ᠡᠬᠢᠯᠡᠯᠲᠡ ᠶᠢᠨ ᠶᠣᠰᠣᠯᠡᠯ ᠳᠤ ᠣᠷᠣᠯᠴᠠᠪᠠ᠃
       ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠣᠮᠡᠯ ᠹᠷᠣᠨᠲ ᠤᠨ ᠬᠡᠯᠳᠡᠰ ᠤᠨ ᠳᠠᠷᠤᠭ᠎ᠠ ᠬᠠᠨ ᠵᠢᠶᠧ ᠡᠬᠢᠯᠡᠯᠲᠠ ᠶᠢᠨ ᠶᠣᠰᠣᠯᠡᠯ ᠢ ᠡᠷᠬᠢᠯᠡᠵᠡᠢ᠃ ᠶᠣᠰᠣᠯᠡᠯ ᠳᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠲᠡᠳ᠋ ᠳᠠᠷᠤᠭ᠎ᠠ ᠸᠠᠩ ᠶᠤᠸᠠᠨ ᠪᠢᠨ ᠪᠠᠶᠠᠷ ᠤᠨ ᠦᠭᠡ ᠬᠡᠯᠡᠬᠦ ᠳᠡᠭᠡᠨ᠂ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠤᠷᠠᠯᠢᠭ ᠨᠢ ᠨᠡᠶᠢᠭᠡᠮ ᠤᠨ ᠬᠡᠪ ᠰᠤᠷᠳᠠᠯ ᠢ ᠴᠡᠪᠡᠷᠰᠢᠭᠦᠯᠵᠤ᠂ ᠰᠣᠶᠣᠯ ᠪᠣᠯᠪᠡᠰᠤᠷᠠᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠲᠣᠰ ᠤᠳᠠᠭᠠᠨ ᠤ ᠦᠵᠡᠭᠦᠯᠭᠡ ᠨᠢ ᠨᠡᠩ ᠴᠤ ᠦᠨᠳᠦᠰᠤᠲᠡᠨ ᠤ ᠪᠦᠯᠭᠦᠮᠳᠡᠯ ᠲᠡᠪᠰᠢᠯᠲᠡ ᠶᠢᠨ ᠦᠢᠯᠡᠰ ᠤᠨ ᠲᠤᠬᠠᠢ ᠠᠮᠢᠲᠤ ᠲᠦᠷᠰᠦᠯᠢᠭ ᠳᠠᠶᠢᠯᠪᠤᠷᠢᠯᠠᠯᠲᠠ ᠪᠣᠯᠬᠤ ᠮᠦᠷᠳᠡᠭᠡᠨ ᠬᠦᠴᠦᠲᠡᠢ ᠠᠬᠢᠭᠤᠯᠤᠯ ᠪᠣᠯᠣᠨ᠎ᠠ᠃ ᠪᠦᠬᠦ ᠬᠤᠰᠢᠭᠤᠨ ᠤ ᠦᠷᠭᠡᠨ ᠣᠯᠠᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠠᠭ᠋ᠠᠳᠠᠤᠨ ᠨᠡᠩ ᠴᠤᠭ ᠪᠠᠲᠠᠷᠠᠩᠭᠤᠢ ᠵᠣᠷᠢᠭ ᠰᠠᠨᠠᠭ᠎ᠠ ᠪᠠᠷ ᠨᠡᠩ ᠤᠯᠠᠨ ᠰᠢᠯᠢᠳᠡᠭ ᠰᠤᠳᠤᠨ ᠪᠦᠲᠦᠭᠡᠯ ᠢ ᠵᠣᠬᠢᠶᠠᠨ ᠪᠦᠲᠦᠭᠡᠵᠤ᠂ ᠮᠠᠨ ᠤ ᠬᠤᠰᠢᠭᠤᠨ ᠤ ᠳᠤᠮᠳᠠᠲᠤ ᠶᠢᠨ ᠦᠨᠳᠣᠰᠣᠳᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠰᠢᠨ᠎ᠡ ᠶᠢ ᠡᠭᠦᠳᠣᠨ ᠬᠦᠭᠵᠢᠬᠦ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
       ᠶᠣᠰᠣᠯᠠᠯ ᠡᠬᠢᠯᠡᠭᠰᠡᠨ ᠤ ᠳᠠᠷᠠᠭ᠎ᠠ᠂ ᠪᠥᠬᠦ ᠬᠦᠮᠤᠰ ᠬᠠᠮᠲᠤ ᠪᠠᠷ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠪᠦᠲᠦᠭᠡᠯ ᠤᠨ ᠦᠵᠡᠭᠦᠯᠭᠡ ᠶᠢᠨ ᠲᠢᠩᠭᠢᠮ ᠢ ᠲᠣᠭᠤᠷᠢᠨ ᠦᠵᠡᠪᠡ᠃
       ᠡᠨᠡᠬᠦ ᠦᠵᠡᠭᠦᠯᠭᠡ ᠶᠢ ︽ᠡᠪ ᠰᠠᠨᠠᠭ᠎ᠠ ᠨᠢᠭᠡᠲᠡᠢ ᠬᠠᠮᠲᠤ ᠪᠠᠷ ᠴᠤᠭᠴᠠᠯᠠᠶ᠎ᠠ︾ ︽ᠡᠪ ᠰᠠᠨᠠᠭ᠎ᠠ ᠨᠢᠭᠡᠲᠦ ᠬᠡᠣᠬᠡᠳ ᠤᠨ ᠮᠥᠷᠥᠭᠡᠳᠤᠯ︾ ︽ᠡᠪ ᠰᠠᠨᠠᠭ᠎ᠠ ᠨᠢᠭᠡᠲᠦ ᠤᠷᠠᠨ ᠪᠢᠴᠢᠯᠭᠡ︾ ︽ᠡᠪ ᠰᠠᠨᠠᠭ᠎ᠠ ᠨᠢᠭᠡᠲᠦ ᠤᠷᠠᠨ ᠵᠢᠷᠤᠭ︾ ︽ᠡᠪ ᠰᠠᠨᠠᠭ᠎ᠠ ᠨᠢᠭᠡᠲᠦ ᠬᠡᠷᠡᠯ ᠵᠢᠷᠤᠭ︾ ᠭᠡᠬᠦ 5 ᠭᠡᠰᠡᠭ ᠬᠤᠪᠢᠶᠠᠨ᠂ ᠪᠥᠬᠦ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠨᠢᠭᠡᠴᠡ᠂ ᠡᠯ᠎ᠡ ᠳᠤᠮᠳᠠᠲᠤ ᠪᠠᠭ᠎ᠠ ᠰᠤᠷᠭᠠᠭᠤᠯᠢ ᠶᠢᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠭᠠᠷ ᠤᠷᠠᠯᠠᠯ ᠵᠠᠷᠭᠡ ᠶᠢᠨ 223 ᠪᠦᠲᠦᠭᠡᠯ ᠢ ᠡᠯᠰᠡᠨ ᠴᠣᠭᠯᠠᠭᠤᠯᠵᠤ᠂ ᠭᠤᠣᠯ ᠰᠡᠳᠤᠪ ᠲᠣᠲᠤᠷᠬᠠᠢ᠂ ᠠᠭᠤᠯᠭ᠎ᠠ ᠡᠯᠪᠡᠭ ᠪᠠᠶᠠᠯᠢᠭ ᠪᠠᠶᠢᠵᠤ᠂ ᠦᠨᠳᠦᠰᠣᠲᠡᠨ ᠤ ᠪᠦᠯᠭᠦᠮᠳᠡᠯ ᠳᠡᠪᠰᠢᠯᠲᠡ ᠶᠢᠨ ᠦᠢᠯᠡᠰ ᠤᠨ ᠦᠷᠨᠢᠩᠭᠦᠢ ᠬᠦᠭᠵᠢᠯᠲᠡ ᠶᠢ ᠠᠬᠢᠭᠤᠯᠬᠤ ᠳᠤ ᠢᠳᠡᠪᠬᠢ ᠬᠦᠴᠦᠨ ᠴᠢᠳᠡᠯ ᠢᠶᠠᠨ ᠡᠷᠭᠦᠵᠡᠢ᠃ ︵ᠣᠷᠭᠤᠮᠠᠯ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号