ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 2024 | ᠣᠨ ᠳᠤ ᠮᠠᠨ ᠤ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠴᠥᠮ ᠵᠢᠯ ᠤᠨ | ᠡᠬᠢᠨ ᠤ ᠲᠥᠰᠦᠪ ᠤᠨ 100% ᠠᠴᠠ ᠳᠡᠭᠡᠭᠰᠢᠬᠢ ᠶᠢ ᠪᠡᠶᠡᠯᠡᠭᠦᠯᠵᠦ᠂ ᠪᠦᠬᠦ ᠵᠢᠯ ᠤᠨ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠲᠥᠰᠦᠪ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃ | 2024 ᠣᠨ ᠳᠤ ᠮᠠᠨ ᠤ ᠣᠷᠣᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢᠨ | ᠲᠣᠭᠤᠷᠢᠨ ᠳᠤ᠂ ᠬᠤᠶᠠᠷ ᠶᠡᠭᠡ ᠶᠠᠪᠤᠳᠠᠯ ᠵᠢᠴᠢ ︽ᠵᠢᠷᠭᠤᠭᠠᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠷᠠᠯᠲᠠ ᠶᠢ | ᠪᠡᠶᠡᠯᠡᠭᠦᠯᠬᠦ ᠳᠤ ᠰᠠᠭᠤᠷᠢ ᠲᠠᠯᠪᠢᠪᠠ᠃ | 2024 ᠣᠨ ᠳᠤ ᠪᠦᠬᠦ ᠣᠷᠣᠨ ᠤ ᠪᠦᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 3150.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠣᠷᠣᠯᠭ᠎ᠠ ᠶᠢᠨ ᠰᠢᠨ᠎ᠡ ᠲᠡᠮᠳᠡᠭᠯᠡᠯ ᠢ ᠡᠭᠦᠳᠴᠦ᠂ | ᠵᠢᠯ ᠤᠨ ᠡᠬᠢᠨ ᠤ ᠲᠥᠰᠦᠪ ︵3100 ᠳ᠋ᠦᠩᠰᠢᠭᠤᠷ ᠲᠥᠭᠦᠷᠢᠭ︶ ᠢ 101.6% ᠪᠠᠷ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠨ᠂ 3 ᠵᠢᠯ ᠳᠠᠷᠠᠭᠠᠯᠠᠨ ᠣᠷᠣᠯᠭ᠎ᠠ ᠨᠡᠯᠢᠶᠡᠳ ᠥᠨᠳᠥᠷ | ᠨᠡᠮᠡᠭᠳᠡᠯ ᠤᠨ ᠬᠤᠷᠳᠤᠴᠠ ᠲᠠᠢ ᠪᠣᠯᠤᠭᠰᠠᠨ ᠪᠠ 2024 ᠣᠨ ᠤ ᠲᠦᠷᠦᠭᠦᠦ 10 ᠰᠠᠷ᠎ᠠ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ ᠪᠠᠭᠤᠷᠠᠭᠰᠠᠨ ᠪᠠᠶᠢᠳᠠᠯ ᠳᠤᠤᠷ᠎ᠠ᠂ ᠪᠦᠬᠦ ᠵᠢᠯ ᠤᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠣᠨᠴᠠᠭᠠᠶ ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠣᠷᠣᠯᠭ᠎ᠠ | 7.2% ᠢᠶᠠᠷ ᠨᠡᠮᠡᠭᠳᠡᠪᠡ᠃ | ᠴᠢᠬᠤᠯᠠ ᠶᠡᠭᠡ ᠵᠠᠷᠤᠯᠭ᠎ᠠ ᠶᠢᠨ ᠪᠠᠲᠤᠯᠠᠭ᠎ᠠ ᠠᠴᠠ ᠦᠵᠡᠪᠡᠯ᠂ 2024 ᠣᠨ ᠳᠤ ᠪᠦᠬᠦ ᠣᠷᠣᠨ ᠤ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 6928 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ | ᠵᠢᠱᠢᠯᠲᠡ ︵6900 ᠳ᠋ᠦᠩᠰᠢᠭᠤᠷ ᠲᠥᠭᠦᠷᠢᠭ︶ ᠶᠢ 100.4% ᠪᠠᠷ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 91.8 ᠳ᠋ᠦᠩᠰᠢᠭᠤᠷ ᠲᠥᠭᠦᠷᠢᠭ ᠥᠰᠴᠦ᠂ 1.3% ᠪᠠᠷ ᠨᠡᠮᠡᠭᠳᠡᠪᠡ᠃ ᠡᠭᠦᠨ ᠳᠤ᠂ ᠪᠦᠬᠦ ᠣᠷᠣᠨ ᠤ | ︽ᠲᠠᠪᠤᠨ ᠶᠡᠭᠡ ᠡᠭᠦᠷᠭᠡ︾ ᠶᠢ ᠨᠢᠭᠡᠳᠦᠯᠲᠡᠶ ᠲᠥᠯᠥᠪᠵᠢᠭᠦᠯᠦᠨ ᠪᠠᠲᠤᠯᠠᠬᠤ ᠵᠠᠷᠤᠯᠭ᠎ᠠ 2380.8 ᠳ᠋ᠦᠩᠰᠢᠭᠤᠷ | ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 34.4% ᠶᠢ ᠡᠵᠡᠯᠡᠪᠡ᠃ | ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠨᠧᠷᠭᠢ ᠠᠷᠪᠢᠯᠠᠵᠤ ᠠᠮᠢ ᠠᠬᠤᠶ ᠶᠢ | ᠬᠠᠮᠠᠭᠠᠯᠠᠬᠤ᠂ ᠲᠠᠷᠢᠶᠠᠯᠠᠩ ᠣᠢ ᠰᠢᠭᠤᠶ ᠣᠰᠤᠨ ᠠᠰᠢᠭᠯᠠᠯᠲᠠ ᠶᠢᠨ ᠬᠦᠷᠢᠶᠡᠨ ᠳᠠᠬᠢ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ ᠲᠤᠰ ᠲᠤᠰ 2.8%᠂ 10.6%᠂ 11.5% ᠪᠠᠷ ᠨᠡᠮᠡᠭᠳᠡᠵᠦ᠂ ᠭᠤᠤᠯᠳᠠᠯᠭ᠎ᠠ ᠲᠠᠢ | ᠬᠦᠷᠢᠶᠡᠨ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ ᠬᠦᠴᠦᠲᠡᠶ ᠪᠠᠲᠤᠯᠠᠪᠠ᠃ | ᠡᠳ᠋ ᠤᠨ ᠵᠠᠰᠠᠭ ᠤᠨ ᠬᠠᠮᠢᠶᠠᠷᠤᠯᠲᠠ ᠠᠴᠠ ᠦᠵᠡᠪᠡᠯ᠂ 2024 ᠣᠨ ᠳᠤ ᠪᠦᠬᠦ ᠣᠷᠣᠨ ᠤ ᠦᠨᠳᠦᠰᠦᠨ ᠱᠠᠲᠤᠨ ᠤ | ︽ᠭᠤᠷᠪᠠ ᠶᠢ ᠪᠠᠲᠤᠯᠠᠬᠤ︾ ︵ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ | ᠡᠷᠭᠢᠯᠲᠡ ᠶᠢ ᠪᠠᠲᠤᠯᠠᠬᠤ︶ ᠬᠤᠷᠢᠭ᠎ᠠ ᠱᠤᠭᠤᠮ ᠢ ᠦᠷᠭᠦᠯᠵᠢᠯᠡᠨ ᠪᠠᠲᠤᠳᠬᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠪᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠶᠢᠨ ᠠᠷᠭ᠎ᠠ︾ ᠪᠠᠷ ᠰᠠᠭᠤᠷᠢ ᠪᠣᠯᠭᠠᠭᠰᠠᠨ ︽1+N︾ ᠲᠥᠰᠦᠪ ᠤᠨ ᠬᠠᠮᠢᠶᠠᠷᠤᠯᠲᠠ ᠶᠢᠨ | ᠳᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠡᠭ ᠰᠠᠭᠤᠷᠢ ᠲᠥᠰᠦᠪ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ᠵᠢᠴᠢ ᠬᠠᠮᠢᠶ᠎ᠠ ᠪᠦᠬᠦᠢ ᠠᠵᠢᠯ ᠤᠨ ᠵᠦᠭᠯᠡᠭᠦᠷ ᠢ ᠨᠡᠶᠢᠲᠡᠯᠡᠵᠦ᠂ ᠡᠳ᠋ ᠤᠨ ᠵᠠᠰᠠᠭ ᠤᠨ | ᠬᠦᠷᠢᠶᠡᠨ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡ ᠶᠢ | ᠰᠢᠯᠢᠳᠡᠭᠵᠢᠭᠦᠯᠬᠦ ᠰᠢᠷᠢᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠬᠤ ᠪᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠯᠲᠠ᠂ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠳᠤᠮᠳᠠ ᠴᠢᠬᠤᠯᠠ ᠨᠢᠭᠡ ᠠᠯᠬᠤᠮ ᠢ ᠠᠯᠬᠤᠪᠠ᠃ ︵ᠲᠠᠯ᠎ᠠ | ᠨᠤᠲᠤᠭ ᠤᠨ ᠡᠭᠦᠯᠡ ᠰᠢᠯᠵᠢᠶ᠎ᠡ︶ | | |