ᠰᠢᠨ᠎ᠡ ᠣᠨ ᠢᠶᠠᠨ ᠪᠠᠶᠠᠷᠯᠠᠨ ᠤᠭᠲᠤᠵᠤ᠂ ᠭᠠᠴᠠᠭ᠎ᠠ ᠶᠢᠨ ᠣᠯᠠᠨ ᠲᠦᠮᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢ | ᠪᠣᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠨᠳᠣ ᠪᠠᠯᠭᠠᠰᠤᠨ ᠤ ᠳ᠋ᠧᠩ ᠭᠠᠴᠠᠭ᠎ᠠ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠥᠷᠲᠡᠭᠡ ︽ᠰᠢᠨ᠎ᠡ ᠣᠨ ᠢᠶᠠᠨ ᠤᠭᠲᠤᠵᠤ ᠨᠠᠮ ᠤᠨ ᠠᠴᠢ ᠶᠢ | ᠮᠠᠭᠲᠠᠨ ᠳᠠᠭᠤᠯᠠᠶ᠎ᠠ︾ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠥᠷᠨᠢᠭᠦᠯᠪᠡ᠃ | | | | | | ᠮᠠᠯᠴᠢᠳ ᠥᠩᠭᠡ ᠢᠯᠭᠠᠷᠬᠠᠰᠡᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠨ | ᠴᠢᠮᠡᠭᠰᠡᠨ ᠢᠶᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠠᠩ ᠥᠳᠬᠡᠷᠡᠭᠦᠯᠦᠨ᠂ ᠠᠵᠢᠯᠯᠠᠭ᠎ᠠ ᠶᠢᠨ ᠲᠤᠬᠠᠶ ᠶᠢᠨ | ᠲᠠᠯᠠᠪᠠᠢ ᠬᠥᠷ ᠨᠠᠷᠭᠢᠶᠠᠨ ᠢᠶᠠᠷ ᠪᠢᠯᠬᠠᠨ᠎ᠠ᠃ ᠣᠯᠠᠨ ᠤ ᠪᠡᠯᠡᠳᠬᠡᠭᠰᠡᠨ ᠮᠣᠩᠭᠤᠯ ᠪᠥᠵᠢᠭ᠂ ᠳᠠᠭᠤᠤ ᠬᠤᠯᠪᠣᠭ᠎ᠠ᠂ | ᠰᠢᠯᠦᠭ ᠳᠠᠭᠤᠯᠠᠯ ᠪᠣᠯᠤᠨ ᠣᠷᠳᠣ ᠶᠢᠨ ᠳᠠᠭᠤᠤ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠤᠳ | ᠨᠢ ᠣᠯᠠᠨ ᠲᠦᠮᠡᠨ ᠤ ᠰᠢᠨ᠎ᠡ ᠨᠢᠭᠡ ᠣᠨ ᠤ ᠰᠠᠶᠢᠨ ᠰᠠᠶᠢᠬᠠᠨ ᠢᠷᠦᠭᠡᠯ ᠵᠥᠩᠨᠡᠯ ᠢ ᠢᠯᠡᠳᠬᠡᠵᠦ᠂ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠠ ᠪᠣᠯᠤᠨ ᠤᠤᠬᠠᠶᠢᠯᠠᠯ ᠢ ᠣᠯᠵᠤ᠂ ᠳ᠋ᠧᠩ ᠭᠠᠴᠠᠭᠠᠨ ᠤ ᠣᠯᠠᠨ | ᠲᠦᠮᠡᠨ ᠤ ᠴᠤᠭ ᠪᠠᠳᠠᠷᠠᠩᠭᠤᠶ᠂ ᠡᠷᠡᠮᠡᠬᠡᠶᠢᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠡᠯ ᠢ | ᠬᠠᠷᠠᠭᠤᠯᠤᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ ᠭᠠᠴᠠᠭᠠᠨ ᠤ ᠣᠯᠠᠨ ᠲᠦᠮᠡᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠭᠠᠴᠠᠭᠠᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ | ᠬᠦᠴᠦᠨ ᠢ ᠴᠤ ᠴᠢᠩᠭᠠᠷᠠᠭᠤᠯᠵᠠᠶ᠃ ᠬᠤᠶᠢᠰᠢᠳᠠ᠂ ᠳ᠋ᠧᠩ ᠭᠠᠴᠠᠭ᠎ᠠ ᠦᠷᠭᠦᠯᠵᠢᠯᠡᠨ ᠡᠯ᠎ᠡ ᠲᠥᠷᠥᠯ ᠤᠨ | ᠰᠣᠶᠣᠯ ᠤᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠣᠶᠤᠨ ᠤ ᠪᠣᠯᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠂ ᠭᠠᠴᠠᠭᠠᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ | ᠪᠣᠯᠤᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃ | ᠴᠢᠮᠡᠭᠡᠯᠡᠭᠴᠢ᠄ ᠴᠦᠨ ᠬᠤᠸᠠ᠂ ᠪᠠᠳᠣᠮᠦ᠋ᠡᠭᠬᠡ | | | | | | | | | | | | |