ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠳᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/8
       ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ  ᠰᠡᠷᠭᠡᠶᠢᠯᠡᠯᠲᠡ ᠶᠢᠨ  ᠱᠤᠭᠤᠮ  ᠢ  ᠪᠠᠲᠤ  ᠴᠣᠭᠴᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠴᠠᠭᠠᠬᠤ ᠲᠤᠭᠤᠶᠢᠯᠠᠩ ᠤᠨ ᠬᠢᠨ ᠡᠯ᠎ᠡ ᠰᠤᠷᠭᠠᠭᠤᠯᠢ ᠢᠶᠠᠷ ᠭᠦᠨᠵᠡᠭᠡᠶᠢᠷᠡᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠳᠡ ᠶᠢᠨ ᠠᠵᠢᠯ ᠥᠷᠨᠢᠭᠦᠯᠪᠡ᠃
       ᠲᠤᠰ ᠤᠳᠠᠭᠠᠨ ᠤ ᠪᠠᠶᠢᠴᠠᠭᠠᠯᠲᠠ ᠨᠢ ᠭᠤᠤᠯᠳᠠᠭᠤ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ᠂ ᠰᠤᠷᠭᠠᠭᠤᠯᠢ ᠶᠢᠨ ᠡᠳ᠋ ᠪᠣᠳᠠᠰ ᠤᠨ ᠰᠡᠷᠭᠡᠶᠢᠯᠡᠯᠲᠡ ᠮᠡᠷᠭᠡᠵᠢᠯ ᠤᠨ ᠰᠡᠷᠭᠡᠶᠢᠯᠡᠯᠳᠡ᠂ ᠬᠥᠮᠦᠨ ᠤ ᠰᠡᠷᠭᠡᠶᠢᠯᠡᠯᠲᠡ ᠶᠢᠨ ᠲᠣᠬᠢᠷᠠᠭᠤᠯᠤᠯᠲᠠ ᠶᠢᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠯ᠂ ᠠᠮᠤᠷ ᠲᠦᠪᠰᠢᠨ ᠤ ᠬᠠᠮᠠᠭᠠᠯᠠᠯᠲᠠ᠂ ᠭᠠᠯ ᠢ ᠰᠡᠷᠭᠡᠶᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠬᠡᠮᠵᠢᠶ᠎ᠡ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠯᠲᠠ ᠥᠷᠨᠢᠭᠦᠯᠦᠭᠰᠡᠨ ᠪᠠᠶᠢᠨ᠎ᠠ᠃
       ᠪᠠᠶᠢᠴᠠᠭᠠᠬᠤ ᠶᠠᠪᠤᠴᠠ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠡᠯ ᠢ ᠨᠠᠷᠢᠨ ᠣᠶᠢᠯᠠᠭᠠᠵᠤ᠂ ᠠᠮᠤᠷ ᠢ ᠬᠠᠮᠠᠭᠠᠯᠠᠬᠤ ᠲᠠᠰᠤᠭ᠂ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠭᠡᠷ᠂ ᠬᠤᠭᠤᠯᠠᠨ ᠭᠡᠷ᠂ ᠰᠡᠳᠬᠢᠴᠡ ᠶᠢᠨ ᠡᠷᠡᠭᠦᠯ ᠮᠡᠨᠳᠦ ᠶᠢᠨ ᠯᠠᠪᠯᠠᠯᠭ᠎ᠠ ᠶᠢᠨ ᠲᠠᠰᠤᠭ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠳᠠᠷᠤᠶ ᠳᠤᠨᠢ ᠵᠢᠯᠣᠭᠤᠳᠣᠯᠭ᠎ᠠ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠰᠤᠷᠭᠠᠭᠤᠯᠢ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠡᠬᠡ ᠳᠠᠩᠰᠠ ᠶᠢ ᠪᠣᠳᠠᠳᠠᠶᠢᠵᠢᠭᠤᠯᠪᠡ᠃
       ᠳᠠᠷᠠᠭᠠᠴᠢ ᠶᠢᠨ ᠠᠯᠬᠤᠮ ᠳᠤ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ︽ᠠᠮᠤᠷ ᠲᠠᠶᠢᠪᠤᠩ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号