ᠦᠢᠷ᠎ᠠ ᠶᠢᠨ ᠡᠳᠦᠷ᠂ ᠠᠷᠤ ᠬᠤᠷᠴᠢᠨ ᠬᠤᠰᠢᠭᠤᠨ ᠤ ᠴᠡᠪᠡᠷ ᠪᠠᠶᠢᠭᠠᠯᠢᠯᠢᠭ ᠴᠢᠯᠥᠭᠡᠲᠦ ᠬᠡᠲᠦ | ᠳᠡᠯᠭᠡᠭᠦᠷ ᠤᠨ ᠬᠥᠳᠡᠭᠡ ᠠᠵᠤ ᠠᠬᠤᠶ ᠶᠢᠨ ᠭᠠᠷᠤᠯᠲᠠ ᠪᠦᠲᠦᠭᠡᠭᠳᠡᠬᠦᠨ ᠤ ᠣᠨᠴᠠᠯᠢᠭᠲᠤ ᠦᠵᠡᠭᠦᠯᠭᠡ ᠶᠢᠨ ᠲᠢᠩᠬᠢᠮ | ᠨᠢ ᠵᠢᠩᠬᠢᠨᠢ ᠪᠠᠷ ᠣᠯᠠᠨ ᠲᠠᠢ ᠨᠢᠭᠤᠷ ᠵᠣᠯᠭᠠᠨ᠂ ᠠᠷᠤ ᠬᠤᠷᠴᠢᠨ ᠬᠤᠰᠢᠭᠤᠨ ᠤ ᠬᠥᠳᠡᠭᠡ ᠠᠵᠤ ᠠᠬᠤᠶ ᠶᠢᠨ ᠴᠡᠪᠡᠷ | ᠪᠠᠶᠢᠭᠠᠯᠢᠯᠢᠭ ᠭᠠᠷᠤᠯᠲᠠ ᠪᠦᠲᠦᠭᠡᠭᠳᠡᠬᠦᠨ ᠢ ᠨᠡᠶᠢᠭᠡᠮ ᠨᠡᠶᠢᠲᠡ ᠳᠤ ᠤᠬᠠᠭᠤᠯᠤᠨ ᠲᠠᠨᠢᠯᠴᠠᠭᠤᠯᠬᠤ ᠶᠢᠨ ᠬᠠᠮᠲᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ | ᠬᠦᠴᠦᠨ ᠨᠡᠮᠡᠷᠢᠯᠡᠪᠠ᠃ | | | | | | ᠲᠤᠰ ᠦᠵᠡᠭᠦᠯᠭᠡ ᠶᠢᠨ ᠲᠢᠩᠬᠢᠮ ᠳᠤ ᠠᠷᠤ ᠬᠤᠷᠴᠢᠨ ᠬᠤᠰᠢᠭᠤᠨ ᠤ ᠡᠯ᠎ᠡ ᠭᠠᠵᠠᠷ ᠤᠨ ᠬᠥᠳᠡᠭᠡ ᠠᠵᠤ | ᠠᠬᠤᠶ ᠶᠢᠨ ᠴᠢᠨᠠᠷ ᠰᠠᠶᠢᠲᠠᠶ ᠭᠠᠷᠤᠯᠲᠠ ᠪᠦᠲᠦᠭᠡᠭᠳᠡᠬᠦᠨ ᠢ ᠲᠥᠪᠯᠡᠷᠡᠩᠭᠦᠶ ᠳᠡᠯᠭᠡᠨ ᠪᠣᠷᠣᠯᠠᠭᠤᠯᠵᠤ᠂ ᠪᠠᠶᠢᠭᠠᠯᠢ ᠶᠢᠨ | ᠣᠷᠭᠠᠨᠢᠭ ᠠᠮᠤ ᠡᠯᠳᠡᠪ ᠪᠤᠳᠠᠭ᠎ᠠ ᠠᠴᠠ ᠡᠯ᠎ᠡ ᠲᠥᠷᠥᠯ ᠤᠨ ᠠᠷᠢᠬᠢᠨ ᠤ ᠵᠦᠢᠯ᠂ ᠮᠢᠬ᠎ᠠ᠂ ᠴᠠᠭᠠᠨ ᠢᠳᠡᠭᠡᠨ ᠤ | ᠲᠥᠷᠥᠯ ᠤᠳ ᠪᠠᠶᠢᠵᠤ᠂ ᠲᠥᠷᠥᠯ ᠵᠦᠢᠯ ᠣᠯᠠᠨ᠂ ᠴᠢᠨᠠᠷ ᠴᠢᠨᠰᠠᠭ᠎ᠠ ᠰᠠᠶᠢᠨ ᠴᠡᠪᠡᠷ ᠪᠠᠶᠢᠭᠠᠯᠢᠯᠢᠭ ᠬᠥᠳᠡᠭᠡ ᠠᠵᠤ | ᠠᠬᠤᠶ ᠶᠢᠨ ᠭᠠᠷᠤᠯᠲᠠ ᠪᠦᠲᠦᠭᠡᠭᠳᠡᠬᠦᠨ ᠤᠳ ᠳᠡᠯᠭᠡᠭᠳᠡᠭᠰᠡᠨ ᠪᠠᠶᠢᠳᠠᠭ᠃ ᠡᠳᠡᠭᠡᠷ ᠨᠢ ᠴᠥᠮ ᠲᠤᠬᠠᠶ ᠶᠢᠨ | ᠭᠠᠵᠠᠷ ᠤᠨ ᠮᠠᠯᠴᠢᠨ ᠲᠠᠷᠢᠶᠠᠴᠢᠨ ᠡᠷᠦᠬᠡ ᠶᠢᠨ ᠨᠠᠷᠢᠨ ᠨᠢᠮᠪᠠᠶ ᠪᠤᠶᠢᠵᠢᠭᠤᠯᠤᠭᠰᠠᠨ ᠪᠤᠶᠤ ᠤᠯᠠᠮᠵᠢᠯᠠᠯᠲᠤ ᠭᠠᠷ | ᠤᠷᠠᠯᠠᠯ ᠢᠶᠠᠷ ᠦᠢᠯᠡᠳᠣᠭ᠍ᠰᠡᠨ ᠭᠠᠷᠤᠯᠲᠠ ᠪᠦᠲᠦᠭᠡᠭᠳᠡᠬᠦᠨ ᠪᠠᠶᠢᠵᠤ᠂ ᠴᠡᠪᠡᠷ ᠪᠠᠶᠢᠭᠠᠯᠢᠯᠢᠭ ᠪᠣᠬᠢᠷᠲᠤᠯ ᠦᠭᠡᠢ | ᠮᠥᠷᠲᠡᠭᠡᠨ ᠡᠯᠪᠡᠭ ᠪᠠᠶᠠᠯᠢᠭ ᠰᠢᠮ᠎ᠡ ᠲᠡᠵᠢᠭᠡᠯ ᠤᠨ ᠦᠨ᠎ᠡ ᠥᠷᠲᠡᠭ ᠲᠠᠢ ᠪᠠᠶᠢᠵᠤ ᠬᠡᠷᠡᠭᠯᠡᠭᠴᠢᠳ ᠲᠤ ︽ | ᠨᠤᠲᠤᠭ ᠤᠨ ᠦᠨᠦᠷ ᠠᠮᠲᠠ︾ ᠶᠢ ᠵᠢᠩᠬᠢᠨᠢ ᠪᠠᠷ ᠡᠳ᠋ᠯᠡᠭᠦᠯᠬᠦ ᠪᠣᠯᠤᠨ᠎ᠠ᠃ | | | | | | ᠣᠶᠢᠯᠠᠭᠠᠭᠰᠠᠨ ᠢᠶᠠᠷ᠂ ᠲᠤᠰ ᠳᠡᠯᠭᠡᠨ ᠦᠵᠡᠭᠦᠯᠭᠡ ᠶᠢᠨ ᠲᠢᠩᠬᠢᠮ ᠤᠨ ᠲᠠᠯᠠᠪᠠᠢ ᠨᠢ ᠨᠡᠶᠢᠲᠡ 870 | ᠲᠡᠭᠰᠢ ᠳᠥᠷᠪᠡᠯᠵᠢᠨ ᠮᠧᠲᠷ ᠪᠠᠶᠢᠵᠤ᠂ ᠲᠤᠬᠠᠶ ᠶᠢᠨ ᠭᠠᠵᠠᠷ ᠤᠨ ᠣᠨᠴᠠᠯᠢᠭᠲᠤ ᠬᠥᠳᠡᠭᠡ ᠠᠵᠤ ᠠᠬᠤᠶ ᠶᠢᠨ | ᠭᠠᠷᠤᠯᠲᠠ ᠪᠦᠲᠦᠭᠡᠭᠳᠡᠬᠦᠨ ᠤ 20 ᠭᠠᠷᠤᠶ ᠠᠵᠤ ᠠᠬᠤᠶᠢᠯᠠᠯ ᠳᠡᠯᠭᠡᠨ ᠦᠵᠡᠭᠦᠯᠭᠡ ᠳᠤ ᠣᠷᠣᠯᠴᠠᠨ᠂ 100 | ᠭᠠᠷᠤᠶ ᠵᠦᠢᠯ ᠤᠨ ᠪᠦᠲᠦᠭᠡᠭᠳᠡᠬᠦᠨ ᠢᠶᠠᠨ ᠳᠡᠯᠭᠡᠨ ᠪᠣᠷᠣᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦ ᠨᠡᠮᠡᠷᠢᠯᠡᠬᠦ ᠨᠢᠭᠡᠨ ᠪᠠᠲᠤ ᠪᠠᠬᠢ ᠲᠠᠪᠴᠠᠩ ᠢ ᠪᠠᠶᠢᠭᠤᠯᠤᠨ᠂ ᠲᠤᠬᠠᠶ ᠶᠢᠨ ᠭᠠᠵᠠᠷ ᠤᠨ | ᠬᠥᠳᠡᠭᠡ ᠠᠵᠤ ᠠᠬᠤᠶ ᠶᠢᠨ ᠭᠠᠷᠤᠯᠲᠠ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ | ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠭᠰᠠᠨ ᠢᠶᠠᠷ | ᠪᠠᠷᠠᠬᠤ ᠦᠭᠡᠶ ᠠᠷᠤ ᠬᠤᠷᠴᠢᠨ ᠬᠤᠰᠢᠭᠤᠨ ᠤ ᠬᠥᠳᠡᠭᠡ ᠠᠵᠤ ᠠᠬᠤᠶ ᠶᠢᠨ ᠭᠠᠷᠤᠯᠲᠠ ᠪᠦᠲᠦᠭᠡᠭᠳᠡᠬᠦᠨ ᠤ ᠨᠠᠷᠠᠲᠤ | ᠲᠡᠮᠳᠡᠭ ᠤᠨ ᠠᠯᠳᠠᠷᠰᠢᠯ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠡᠶ᠃ ︵ᠯᠢ ᠬᠤᠸᠠᠨ ᠢᠦᠶ᠂ ᠰᠠᠶᠢᠬᠠᠡᠬᠤᠸᠠᠷ︶ | | | | | | |