1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ | ᠴᠧᠨ ᠬᠤ᠋ ᠨᠠᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠲᠣᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ | ᠪᠣᠯᠤᠨ ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠵᠢᠴᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ | ᠰᠤᠷᠤᠯᠴᠠᠪᠠ᠃ ᠰᠢᠨ᠎ᠡ ᠨᠢᠭᠡ ᠵᠢᠯ ᠳᠤ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠦᠷᠭᠦᠯᠵᠢᠯᠡᠨ | ᠰᠠᠶᠢᠲᠤᠷ ᠪᠠᠷᠢᠮᠲᠠᠯᠠᠵᠤ᠂ ᠤᠬᠠᠮᠰᠠᠷ ᠠᠴᠠ ᠪᠠᠨ ᠰᠤᠷᠤᠯᠴᠠᠬᠤ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠢ | ᠭᠦᠡᠵᠡᠭᠡᠶᠢᠷᠡᠭᠦᠯᠤᠨ᠂ ᠰᠤᠷᠤᠯᠴᠠᠬᠤ ᠳᠤᠮᠳᠠ ᠪᠠᠨ ᠣᠶᠣᠨ ᠤᠬᠠᠭᠠᠨ ᠬᠦᠴᠦᠨ ᠴᠢᠳᠠᠯ ᠣᠯᠵᠤ᠂ ᠵᠠᠪᠡᠯ ᠢᠯᠠᠬᠤ | ᠢᠲᠡᠭᠡᠯ ᠵᠣᠷᠢᠭ ᠢᠶᠠᠨ ᠪᠠᠲᠤᠳᠬᠠᠵᠤ ᠳᠡᠭᠡᠳᠦ ᠱᠠᠳᠤᠨ ᠤ ᠡᠯ᠎ᠡ ᠵᠦᠢᠯ ᠤᠨ ᠱᠠᠭᠠᠷᠳᠠᠯᠭ᠎ᠠ ᠶᠢ | ᠨᠠᠶᠢᠳᠠᠪᠣᠷᠢᠵᠢᠭᠤᠯᠬᠤ ᠲᠠᠢ ᠤᠶᠠᠯᠳᠤᠭᠤᠯᠤᠨ ᠨᠠᠩ ᠣᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠨᠠᠩ | ᠣᠯᠠᠨ ᠠᠵᠢᠯ ᠤᠨ ᠦᠷ᠎ᠡ ᠪᠦᠲᠦᠮᠵᠢ ᠣᠯᠵᠤ᠂ ᠠᠷᠤ ᠬᠤᠷᠴᠢᠨ ᠬᠤᠰᠢᠭᠤᠨ ᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ ᠬᠤᠰᠢᠭᠤᠨ ᠵᠠᠰᠠᠭ ᠤᠨ ᠣᠷᠳᠣᠨ ᠤ ᠠᠵᠢᠯ ᠤᠨ ᠬᠠᠮᠤᠭ ᠰᠢᠨ᠎ᠡ ᠬᠤᠪᠢᠶᠠᠷᠢᠯᠠᠯ ᠢ | ᠰᠤᠳᠤᠯᠤᠨ ᠪᠠᠲᠤᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠬᠤ ᠲᠠᠯ᠎ᠠ ᠪᠠᠷ ᠪᠣᠳᠠᠲᠠᠶ ᠲᠣᠬᠢᠷᠠᠭᠤᠯᠤᠯᠲᠠ ᠬᠢᠵᠡᠶ᠃ ᠤᠯᠤᠰ ᠳᠦᠷᠥ ᠶᠢ ᠡᠷᠬᠢᠮᠯᠡᠵᠦ᠂ ᠶᠣᠰᠣ | ᠳᠦᠷᠢᠮ ᠢ ᠰᠠᠬᠢᠵᠤ᠂ ᠨᠠᠮ ᠤᠨ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ | ᠬᠤᠰᠢᠭᠤᠨ ᠨᠠᠮ ᠤᠨ ᠬᠤᠷᠢᠶ᠎ᠠ ᠶᠢᠨ ᠠᠵᠢᠯ ᠤᠨ ᠪᠠᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠬᠤᠰᠢᠭᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ ᠪᠠ ᠠᠵᠢᠯ ᠤᠨ | ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠵᠦ᠂ ᠴᠠᠭᠠᠵᠠᠯᠠᠵᠤ ᠪᠠᠶᠢᠪᠠᠯ ᠵᠠᠪᠠᠯ | ᠵᠣᠭᠰᠣᠭᠠᠬᠤ ᠶᠢ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢ ᠡᠷᠬᠢᠮᠯᠡᠵᠦ᠂ ᠨᠠᠶᠢᠳᠠᠪᠣᠷᠢᠵᠢᠭᠤᠯᠣᠯᠳᠠ ᠶᠢ | ᠴᠢᠩᠭᠠᠳᠬᠠᠵᠤ᠂ ᠠᠰᠠᠭᠤᠳᠠᠯ ᠢ ᠪᠣᠳᠣᠯᠬᠢᠯᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠢᠯᠡᠭᠦᠬᠡᠨ | ᠬᠦᠴᠦ ᠲᠠᠯᠪᠢᠵᠤ᠂ ᠤᠴᠢᠷ ᠶᠠᠪᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠶ ᠪᠠᠶᠢᠵᠤ᠂ ᠵᠣᠷᠢᠭᠲᠠᠶ ᠪᠠᠷ ᠤᠴᠢᠷ | ᠶᠠᠪᠤᠳᠠᠯ ᠢ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ᠂ ᠰᠢᠨ᠎ᠡ ᠰᠢᠪᠲᠤᠯᠤᠯᠲᠠ ᠲᠠᠢ | ᠪᠣᠯᠬᠤ ᠶᠢ ᠠᠬᠢᠭᠤᠯᠬᠤ ᠬᠡᠷᠡᠭᠲᠡᠶ᠃ ᠪᠦᠯᠬᠦᠮᠳᠡᠯ ᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂ ᠦᠵᠡᠯ | ᠰᠠᠨᠠᠭᠠᠨ ᠤ ᠲᠠᠯ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠤᠨ ᠲᠠᠯ᠎ᠠ ᠪᠠᠷ | ᠬᠠᠮᠲᠤ ᠪᠠᠷ ᠬᠦᠴᠦᠯᠡᠵᠦ᠂ ᠪᠦᠯᠬᠦᠮᠳᠡᠨ ᠠᠵᠢᠯᠯᠠᠬᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠶᠢᠨ ᠰᠠᠶᠢᠬᠠᠨ | ᠪᠠᠶᠢᠳᠡᠯ ᠢ ᠪᠤᠢ ᠪᠣᠯᠭᠠᠬᠤ ᠬᠡᠷᠡᠭᠲᠡᠶ᠃ ᠠᠷᠢᠭᠤᠨ ᠴᠢᠬᠡᠴᠢ ᠪᠠᠶᠢᠬᠤ ᠶᠢ ᠡᠷᠬᠢᠮᠯᠡᠵᠦ᠂ ᠬᠤᠷᠢᠭ᠎ᠠ ᠱᠤᠭᠤᠮ ᠢ | ᠰᠠᠬᠢᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠦᠷᠦᠭᠦᠯᠡᠨ ᠰᠠᠬᠢᠵᠤ᠂ ᠰᠤᠷᠲᠠᠯ ᠴᠢᠬᠡᠴᠢ ᠣᠪᠣᠷ | ᠲᠥᠪ ᠤᠯᠤᠰ ᠲᠦᠷᠥ ᠶᠢᠨ ᠠᠮᠢ ᠠᠬᠤᠶ ᠶᠢ ᠪᠤᠢ ᠪᠣᠯᠭᠠᠬᠤ ᠬᠡᠷᠡᠭᠲᠡᠶ ᠭᠡᠵᠦ ᠴᠢᠩᠭᠠᠳᠬᠠᠵᠠᠶ᠃ ᠬᠤᠷᠠᠯ ᠠᠴᠠ ᠪᠠᠰᠠ | ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠵᠤ ᠠᠬᠤᠶ ᠶᠢᠨ ᠠᠵᠢᠯᠯᠠᠭᠠᠨ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠪᠠᠶᠠᠷ ᠤᠨ ᠡᠳᠦᠷ ᠤᠨ ᠠᠪᠤᠷᠠᠨ ᠲᠤᠰᠠᠯᠠᠯᠲᠠ ᠠᠮᠤᠷ ᠲᠦᠪᠰᠢᠨ | ᠲᠣᠭᠲᠠᠭᠤᠨ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠣᠯᠳᠡ ᠬᠢᠵᠡᠶ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠯᠦ ᠮᠧᠩ᠂ ᠸᠠᠩ ᠶᠤᠸᠠᠨ ᠪᠢᠨ᠂ ᠭᠦᠸᠧ | ᠶᠦᠩ ᠮᠢᠩ᠂ ᠶᠠᠩ ᠵᠢᠶᠧ᠂ ᠳᠠᠩ ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠦᠩᠭᠦᠬᠠᠭᠤᠯᠠ᠂ ᠮᠦ | ᠭᠦᠸᠧ ᠳ᠋ᠦᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠵᠠᠰᠠᠭ | ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠯᠢ | ᠭᠦᠸᠧ ᠯᠢᠨ ᠬᠤᠷᠠᠯ ᠳᠤ ᠣᠷᠣᠯᠴᠠᠵᠠᠶ᠃ ︵ᠰᠠᠶᠢᠬᠠᠡᠬᠤᠸᠠᠷ︶ |