ᠸᠧᠶ ᠪᠢᠯᠢᠭ ᠬᠤᠰᠢᠭᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠢᠭᠡ ᠵᠠᠭᠤ ᠠᠷᠪᠠᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/8
       1 ᠰᠠᠷ᠎ᠠ ᠶᠢᠨ 6 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠶ ᠪᠢᠯᠢᠭ ᠬᠤᠰᠢᠭᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠢᠭᠡ ᠵᠠᠭᠤ ᠠᠷᠪᠠᠨ ᠳᠣᠯᠣᠳᠤᠭᠠᠷ ᠤᠳᠠᠭᠠᠨ ᠤ ᠪᠠᠶᠢᠡᠭᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠵᠡᠷᠭᠡ ᠬᠤᠰᠢᠭᠤᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ᠂ ᠪᠠᠶᠢᠩᠭᠤ ᠶᠢᠨ ᠭᠡᠰᠢᠭᠦᠨ ᠪᠤᠰᠤ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
       ᠬᠤᠷᠠᠯ ᠠᠴᠠ ᠵᠢᠭᠠᠬᠤ ᠳᠠᠭᠠᠨ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠨᠢ 2024 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠪᠥᠬᠦ ᠬᠤᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ᠂ ᠥᠷᠢᠰᠥᠯᠳᠦᠭᠡᠨ ᠪᠠ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠠᠳᠠᠯᠵᠤ᠂ ︽ᠨᠢᠭᠡ ᠠᠵᠢᠯ ᠤᠨ ᠭᠤᠤᠯ ᠰᠢᠵᠢᠮ ᠢ ᠡᠷᠡᠰ ᠲᠤᠭᠤᠰᠢᠯᠠᠭᠤᠯᠤᠨ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠭᠤᠷᠪᠠᠨ ᠭᠤᠤᠯᠳᠠᠯᠭ᠎ᠠ ᠶᠢ ᠲᠣᠪᠣᠶᠢᠯᠭᠠᠨ᠂ ᠨᠢᠭᠡ ᠬᠠᠷᠠᠯᠲᠠ ᠶᠢ ᠪᠡᠶᠡᠯᠡᠭᠦᠯᠬᠦ︾ ᠶᠡᠷᠦᠩᠬᠡᠶ ᠰᠡᠳᠬᠢᠮᠵᠢ ᠶᠢ ᠳᠤᠷᠠᠳᠤᠨ ᠭᠠᠷᠭᠠᠵᠤ᠂ ᠥᠷᠨᠢᠭᠦᠯᠬᠦ ᠪᠠᠷ ᠲᠣᠭᠲᠠᠭᠰᠠᠨ ︽ᠠᠷᠪᠠᠨ ᠶᠡᠭᠡ ᠠᠵᠢᠯᠯᠠᠭ᠎ᠠ︾ ᠪᠠ ︽ᠵᠢᠷᠭᠤᠭᠠᠨ ᠲᠠᠯ᠎ᠠ ᠶᠢᠨ ᠪᠣᠳᠠᠲᠠᠶ ᠠᠵᠢᠯ︾ ᠨᠢ ᠤᠯᠠᠭᠠᠨᠬᠠᠳᠠ ᠶᠢᠨ ᠬᠥᠭᠵᠢᠯᠲᠡ ᠶᠢᠨ ᠪᠣᠳᠠᠲᠤ ᠪᠠᠶᠢᠳᠡᠯ ᠲᠠᠢ ᠪᠦᠷᠢᠮᠦᠰᠦᠨ ᠨᠡᠶᠢᠴᠡᠵᠦ᠂ ᠠᠯᠤᠰ ᠬᠡᠲᠦ ᠶᠢ ᠪᠣᠳᠣᠯᠬᠢᠯᠠᠭᠰᠠᠨ ᠮᠥᠷᠲᠡᠭᠡᠨ ᠣᠳᠣᠬᠢ ᠪᠠᠶᠢᠳᠡᠯ ᠢ ᠬᠠᠷᠠᠭᠠᠯᠵᠠᠵᠤ᠂ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠳᠣᠷ ᠬᠢᠬᠦ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠳᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠣᠳᠠ ᠳᠡᠭᠡᠷ᠎ᠡ ᠨᠢᠭᠡᠳᠬᠡᠵᠦ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠰᠤᠷᠤᠯᠴᠠᠨ ᠣᠶᠢᠯᠠᠭᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠢ ᠪᠣᠯᠭᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ ᠶᠢᠨ ᠥᠷᠨᠢᠭᠦᠯᠬᠦ ᠪᠠᠷ ᠲᠣᠭᠲᠠᠭᠠᠭᠰᠠᠨ ︽ᠠᠷᠪᠠᠨ ᠶᠡᠭᠡ ᠠᠵᠢᠯᠯᠠᠭ᠎ᠠ︾ ᠪᠠ ᠳᠣᠳᠣᠷᠬᠠᠶᠢᠯᠬᠠᠰᠡᠨ ︽ᠵᠢᠷᠭᠤᠭᠠᠨ ᠲᠠᠯ᠎ᠠ ᠶᠢᠨ ᠪᠣᠳᠠᠲᠠᠶ ᠠᠵᠢᠯ︾ ᠲᠠᠢ ᠨᠠᠷᠢᠨ ᠬᠢᠨᠠᠮᠠᠭᠠᠶ ᠬᠠᠷᠭᠤᠭᠤᠯᠤᠯᠲᠠ ᠬᠢᠵᠦ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ᠂ ᠡᠭᠦᠷᠭᠡ ᠪᠠᠨ ᠣᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢ ᠠᠯᠢ ᠲᠦᠷᠭᠡᠨ ᠢᠶᠠᠷ ᠨᠠᠶᠢᠳᠠᠪᠣᠷᠢᠵᠢᠭᠤᠯᠣᠨ᠂ ᠪᠣᠳᠠᠲᠠᠶ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠪᠥᠬᠦ ᠬᠤᠲᠠ ᠶᠢᠨ ᠬᠥᠭᠵᠢᠯᠲᠡ ᠶᠢ ᠶᠡᠬᠡᠪᠡᠷ ᠠᠳᠬᠤᠵᠤ᠂ ᠬᠥᠭᠵᠢᠯᠲᠡ ᠶᠢ ᠲᠦᠷᠭᠡᠳᠬᠡᠨ ᠠᠳᠬᠤᠬᠤ ᠠᠰᠢᠭᠲᠠᠶ ᠠᠵᠠ ᠲᠣᠬᠢᠶᠠᠯ ᠢ ᠣᠨᠣᠪᠴᠢᠲᠠ ᠡᠵᠡᠮᠳᠡᠵᠦ᠂ ︽ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠬᠦ᠂ ᠠᠵᠢᠯ ᠢᠶᠠᠨ ᠶᠡᠬᠡᠪᠡᠷ ᠲᠦᠷᠭᠡᠳᠬᠡᠬᠦ  ᠠᠵᠤ ᠠᠬᠤᠶ ᠪᠠᠨ ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠪᠠ ᠪᠠᠭᠤᠷᠠᠶ ᠲᠠᠯ᠎ᠠ ᠶᠢ ᠢᠯᠭᠠᠨ ᠲᠣᠳᠣᠷᠬᠠᠶᠢᠯᠠᠵᠤ᠂ ᠢᠳᠡᠪᠬᠢᠲᠡᠶ ᠪᠠᠷ ᠰᠠᠨᠠᠭᠠᠴᠢᠯᠠᠭ᠎ᠠ ᠲᠠᠢ ᠪᠠᠷ ᠵᠣᠯᠭᠠᠭᠤᠯᠤᠨ ᠴᠢᠷᠮᠠᠶᠢᠨ ᠲᠡᠮᠡᠴᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠰᠠᠭᠤᠷᠢ ᠪᠠᠨ ᠪᠠᠲᠤᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠠᠯᠤᠰ ᠬᠡᠲᠦ ᠳᠤ ᠠᠰᠢᠭᠲᠠᠶ ᠴᠢᠬᠤᠯᠠ ᠶᠡᠭᠡ ᠲᠥᠷᠥᠯ ᠵᠦᠢᠯ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号