ᠠᠷᠤ ᠬᠤᠷᠴᠢᠨ ᠬᠤᠰᠢᠭᠤᠨ ᠤ ᠦᠯᠵᠡᠶᠢᠳᠤ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠶᠢᠨ | ᠬᠤᠭᠤᠴᠠᠭᠠᠨ ᠳᠠᠬᠢ ᠵᠠᠮ ᠬᠠᠷᠢᠯᠴᠠᠭ᠎ᠠ᠂ ᠳᠡᠭᠳᠡᠭᠦᠷ ᠳ᠋ᠧᠩ ᠵᠢᠴᠢ ᠨᠢᠰᠦᠭᠦᠷ ᠤᠨ ᠵᠠᠬᠢᠷᠤᠨ ᠬᠠᠮᠢᠶᠠᠷᠤᠯᠲᠠ ᠶᠢᠨ | ᠲᠤᠬᠠᠶ ᠵᠠᠷᠯᠠᠯ | ᠠᠷᠤ ᠬᠤᠷᠴᠢᠨ ᠬᠤᠰᠢᠭᠤᠨ ᠤ ᠦᠯᠵᠡᠶᠢᠳᠤ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠶᠢᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠵᠢᠯᠯᠠᠭ᠎ᠠ ᠶᠢᠨ ᠲᠣᠬᠢᠷᠠᠭᠤᠯᠤᠯᠲᠠ ᠪᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠣᠡᠭᠡᠯ ᠤᠨ ᠬᠠᠤᠯᠢ︾ | ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠲᠣᠭᠲᠠᠭᠠᠯ ᠢ ᠦᠨᠳᠦᠰᠦᠯᠡᠨ᠂ ᠦᠵᠡᠭᠦᠯᠭᠡ ᠶᠢᠨ ᠠᠵᠢᠯᠯᠠᠭᠠᠨ ᠤ | ᠬᠤᠭᠤᠴᠠᠭᠠᠨ ᠳᠤ ᠬᠤᠲᠠ ᠲᠣᠭᠤᠷᠢᠭ ᠤᠨ ᠬᠡᠰᠡᠭ ᠵᠠᠮ ᠤᠨ ᠵᠠᠮ ᠬᠠᠷᠢᠯᠴᠠᠭ᠎ᠠ᠂ ᠳᠡᠭᠳᠡᠭᠦᠷ ᠳ᠋ᠧᠩ ᠵᠢᠴᠢ | ᠨᠢᠰᠦᠭᠦᠷ ᠢ ᠵᠠᠬᠢᠷᠤᠨ ᠬᠠᠮᠢᠶᠠᠷᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠵᠠᠷᠯᠠᠶ᠎ᠠ᠄ | ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ | 2025 ᠣᠨ ᠤ 2 ᠰᠠᠷ᠎ᠠ ᠶᠢᠨ 12 ᠤᠨ ᠡᠳᠦᠷ ᠤᠨ 17 ᠴᠠᠭ 30 ᠮᠢᠨᠦ᠋ᠲ ᠠᠴᠠ ᠡᠬᠢᠯᠡᠨ᠂ ᠲᠢᠶᠠᠨ | ᠶᠤᠸᠠᠨ ᠶᠡᠭᠡ ᠵᠡᠭᠡᠯᠢ ︵ᠵᠢᠶ ᠲᠦᠩ ᠵᠠᠮ ᠠᠴᠠ ᠢ ᠮᠢᠨ ᠵᠠᠮ ᠤᠨ ᠬᠤᠭᠤᠷᠣᠨᠳᠣᠬᠢ ᠵᠠᠮ ᠤᠨ ᠬᠡᠰᠡᠭ︶︔ | ᠬᠤᠰᠢᠭᠤᠨ ᠵᠠᠰᠠᠭ ᠤᠨ ᠣᠷᠳᠣᠨ ᠤ ᠬᠤᠶᠢᠳᠦ ᠭᠤᠳᠤᠮᠵᠢ ︵ᠬᠠᠨ ᠠᠭᠤᠯᠠ ᠵᠡᠭᠦᠨ ᠵᠠᠮ ᠠᠴᠠ ᠬᠠᠨ ᠠᠭᠤᠯᠠ | ᠪᠠᠷᠠᠭᠤᠨ ᠵᠠᠮ ᠤᠨ ᠬᠤᠭᠤᠷᠣᠨᠳᠣᠬᠢ ᠵᠠᠮ ᠤᠨ ᠬᠡᠰᠡᠭ︶︔ ᠥᠯᠵᠡᠶᠢᠮᠥ᠋ᠷᠡᠨ ᠭᠤᠳᠤᠮᠵᠢ ︵ᠵᠢᠶ ᠲᠦᠩ ᠵᠠᠮ ᠠᠴᠠ | ᠢ ᠮᠢᠨ ᠵᠠᠮ ᠤᠨ ᠬᠤᠭᠤᠷᠣᠨᠳᠣᠬᠢ ᠵᠠᠮ ᠤᠨ ᠬᠡᠰᠡᠭ︶︔ ᠵᠢᠶ ᠲᠦᠩ ᠵᠠᠮ ︵ᠲᠢᠶᠠᠨ ᠶᠤᠸᠠᠨ ᠶᠡᠭᠡ ᠵᠡᠭᠡᠯᠢ ᠠᠴᠠ | ᠥᠯᠵᠡᠶᠢᠮᠥ᠋ᠷᠡᠨ ᠭᠤᠳᠤᠮᠵᠢ ᠶᠢᠨ ᠬᠤᠭᠤᠷᠣᠨᠳᠣᠬᠢ ᠵᠠᠮ ᠤᠨ ᠬᠡᠰᠡᠭ︶︔ ᠬᠠᠨ ᠠᠭᠤᠯᠠ ᠵᠡᠭᠦᠨ ᠵᠠᠮ ︵ᠬᠤᠰᠢᠭᠤᠨ | ᠵᠠᠰᠠᠭ ᠤᠨ ᠣᠷᠳᠣᠨ ᠤ ᠬᠤᠶᠢᠲᠤ ᠭᠤᠳᠤᠮᠵᠢ ᠠᠴᠠ ᠥᠯᠵᠡᠶᠢᠮᠥ᠋ᠷᠡᠨ ᠭᠤᠳᠤᠮᠵᠢ ᠶᠢᠨ ᠬᠤᠭᠤᠷᠣᠨᠳᠣᠬᠢ ᠵᠠᠮ ᠤᠨ | ᠬᠡᠰᠡᠭ︶︔ ᠬᠠᠨ ᠠᠭᠤᠯᠠ ᠪᠠᠷᠠᠭᠤᠨ ᠵᠠᠮ ︵ᠬᠤᠰᠢᠭᠤᠨ ᠵᠠᠰᠠᠭ ᠤᠨ ᠣᠷᠳᠣᠨ ᠤ ᠬᠤᠶᠢᠲᠤ ᠭᠤᠳᠤᠮᠵᠢ ᠠᠴᠠ | ᠥᠯᠵᠡᠶᠢᠮᠥ᠋ᠷᠡᠨ ᠭᠤᠳᠤᠮᠵᠢ ᠶᠢᠨ ᠬᠤᠭᠤᠷᠣᠨᠳᠣᠬᠢ ᠵᠠᠮ ᠤᠨ ᠬᠡᠰᠡᠭ︶︔ ᠢ ᠮᠢᠨ ᠵᠠᠮ ︵ᠬᠤᠰᠢᠭᠤᠨ ᠵᠠᠰᠠᠭ ᠤᠨ | ᠣᠷᠳᠣᠨ ᠤ ᠬᠤᠶᠢᠲᠤ ᠭᠤᠳᠤᠮᠵᠢ ᠠᠴᠠ ᠦᠯᠵᠠᠶᠢᠮᠥ᠋ᠷᠡᠨ ᠭᠤᠳᠤᠮᠵᠢ ᠶᠢᠨ ᠬᠤᠭᠤᠷᠣᠨᠳᠣᠬᠢ ᠵᠠᠮ ᠤᠨ ᠬᠡᠰᠡᠭ︶ ᠳᠤ | ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ | ᠨᠡᠪᠲᠡᠷᠡᠬᠦ ᠶᠢ ᠴᠠᠭᠠᠵᠠᠯᠠᠨ᠎ᠠ᠃ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠳᠠᠭᠤᠰᠬᠤ ᠴᠠᠭ ᠢ | ᠦᠵᠡᠭᠦᠯᠭᠡ ᠶᠢᠨ ᠬᠤᠭᠤᠴᠠᠭᠠᠨ ᠳᠠᠬᠢ ᠵᠠᠮ ᠨᠡᠪᠲᠡᠷᠡᠯᠭᠡ ᠶᠢᠨ ᠤᠷᠤᠰᠴᠠ ᠶᠢᠨ ᠪᠣᠳᠠᠲᠠᠶ ᠪᠠᠶᠢᠳᠠᠯ ᠢ ᠦᠨᠳᠦᠰᠦᠯᠡᠨ | ᠲᠤᠬᠠᠶ ᠶᠢᠨ ᠲᠠᠯᠠᠪᠤᠷ ᠲᠤ ᠲᠣᠭᠲᠠᠭᠠᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠵᠠᠮ ᠬᠠᠷᠢᠯᠴᠠᠭᠠᠨ ᠤ | ᠲᠦᠭᠵᠢᠷᠡᠯ ᠡᠭᠦᠰᠬᠦ ᠠᠴᠠ ᠵᠠᠶᠢᠯᠠᠰᠬᠢᠬᠦ ᠶᠢᠨ ᠲᠥᠯᠥᠭᠡ᠂ ᠣᠯᠠᠨ ᠲᠦᠮᠡᠨ ᠵᠠᠮ ᠬᠠᠷᠢᠯᠴᠠᠭᠠᠨ ᠤ ᠴᠠᠭᠳᠠᠭ᠎ᠠ ᠶᠢᠨ | ᠵᠢᠯᠣᠭᠤᠳᠣᠯᠭ᠎ᠠ ᠳᠤ ᠢᠳᠡᠪᠬᠢᠲᠡᠶ ᠬᠠᠮᠵᠢᠯᠴᠠᠵᠤ᠂ ᠡᠮᠬᠢ ᠵᠢᠷᠤᠮ ᠲᠠᠢ ᠪᠠᠷ ᠨᠡᠪᠲᠡᠷᠡᠬᠦ ᠶᠢ ᠬᠦᠰᠡᠶ᠎ᠡ᠃ | ᠳᠡᠭᠳᠡᠭᠦᠷ ᠳ᠋ᠧᠩ ᠤᠨ ᠵᠠᠬᠢᠷᠣᠨ ᠬᠠᠮᠢᠶᠠᠷᠤᠯᠲᠠ | ᠳᠡᠭᠳᠡᠭᠦᠷ ᠳ᠋ᠧᠩ ᠨᠢ ᠢᠯᠡ ᠭᠠᠯ ᠤᠨ ᠨᠢᠰᠬᠦ ᠵᠦᠢᠯ ᠳᠤ ᠲᠣᠭᠠᠴᠠᠭᠳᠠᠨ᠎ᠠ᠂ ᠠᠭᠠᠷ ᠲᠤ ᠳᠡᠭᠳᠡᠭᠰᠡᠨ ᠤ | ᠳᠠᠷᠠᠭ᠎ᠠ ᠰᠠᠯᠬᠢᠨ ᠤ ᠠᠶ᠎ᠠ ᠪᠠᠷ ᠬᠥᠪᠴᠦ᠂ ᠲᠤᠰᠤᠯᠲᠠ ᠶᠢᠨ ᠴᠡᠭ ᠢ ᠨᠢ ᠡᠵᠡᠮᠳᠡᠬᠦ ᠠᠷᠭ᠎ᠠ ᠥᠬᠡᠶ ᠪᠣᠯᠬᠤᠷ ᠭᠠᠯ ᠤᠨ | ᠠᠶᠤᠯ ᠵᠡᠷᠭᠡ ᠠᠮᠤᠷ ᠲᠦᠪᠰᠢᠨ ᠤ ᠠᠳᠡᠯ ᠢ ᠲᠦᠯ ᠤᠨ ᠠᠮᠠᠷᠬᠠᠨ ᠡᠭᠦᠰᠭᠡᠳᠡᠭ᠃ ᠥᠷᠭᠡᠨ ᠣᠯᠠᠨ ᠰᠠᠭᠤᠭᠠᠯᠢ | ᠠᠷᠠᠳ ᠳᠡᠭᠳᠡᠭᠦᠷ ᠳ᠋ᠧᠩ ᠠᠰᠠᠭᠠᠬᠤ ᠶᠢᠨ ᠠᠶᠤᠯᠲᠤ ᠴᠢᠨᠠᠷ ᠢ ᠭᠦᠢᠴᠡᠣᠨ ᠲᠠᠨᠢᠵᠤ᠂ ᠬᠤᠯᠪᠣᠭᠳᠠᠯ ᠪᠦᠬᠦᠢ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠳᠡᠭᠳᠡᠭᠦᠷ ᠳ᠋ᠧᠩ ᠬᠤᠳᠠᠯᠳᠤᠨ ᠠᠪᠬᠤ ᠥᠬᠡᠶ᠂ ᠠᠰᠠᠭᠠᠬᠤ | ᠥᠬᠡᠶ ᠪᠠᠶᠢᠬᠤ ᠶᠢ ᠬᠦᠰᠡᠶ᠎ᠡ᠃ ᠶᠠᠮᠠᠷᠪᠠ ᠨᠢᠭᠡᠴᠡ ᠪᠠ ᠬᠤᠪᠢ ᠬᠥᠮᠦᠨ ᠵᠥᠪᠰᠢᠶᠡᠷᠡᠯ ᠦᠭᠡᠢ ᠪᠠᠷ ᠤᠯᠠᠨ | ᠨᠡᠶᠢᠲᠡ ᠶᠢᠨ ᠲᠠᠯᠠᠪᠤᠷ᠂ ᠣᠢ ᠰᠢᠭᠤᠶ ᠡᠪᠡᠰᠦ ᠪᠡᠯᠴᠢᠭᠡᠷ᠂ ᠲᠣᠰᠣ ᠨᠡᠮᠡᠬᠦ ᠥᠷᠲᠡᠭᠡ᠂ ᠰᠠᠭᠤᠭᠠᠯᠢ ᠠᠷᠠᠳ ᠤᠨ | ᠲᠣᠭᠤᠷᠢᠭ ᠵᠡᠷᠭᠡ ᠭᠠᠵᠠᠷ ᠣᠷᠣᠨ ᠳᠤ ᠳᠡᠭᠳᠡᠭᠦᠷ ᠳ᠋ᠧᠩ ᠠᠰᠠᠭᠠᠬᠤ ᠶᠢ ᠴᠠᠭᠠᠵᠠᠯᠠᠵᠤ᠂ ᠲᠣᠭᠲᠠᠭᠠᠯ ᠢ ᠵᠥᠷᠢᠴᠡᠨ | ᠳᠡᠭᠳᠡᠭᠦᠷ ᠳ᠋ᠧᠩ ᠠᠰᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ | ᠰᠢᠢᠣᠡᠭᠡᠨᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠨᠢᠰᠦᠭᠦᠷ ᠤᠨ ᠵᠠᠬᠢᠷᠤᠨ ᠬᠠᠮᠢᠶᠠᠷᠤᠯᠲᠠ | 2025 ᠣᠨ ᠤ 2 ᠰᠠᠷ᠎ᠠ ᠶᠢᠨ 12 ᠤᠨ ᠡᠳᠦᠷ ᠤᠨ 16:00 ᠠᠴᠠ 2 ᠰᠠᠷ᠎ᠠ ᠶᠢᠨ 13 ᠤ | ᠡᠳᠦᠷ ᠤᠨ 2 : 00 ᠪᠣᠯᠲᠠᠯ᠎ᠠ᠂ ᠤᠮᠠᠷᠠᠰᠢ ᠪᠠᠨ ᠬᠠᠨ ᠯᠢᠨ ᠪᠠᠷᠠᠭᠤᠨ ᠵᠡᠭᠡᠯᠢ ᠡᠮᠦᠨᠡᠰᠢ ᠪᠠᠨ ᠥᠯᠵᠡᠶᠢᠮᠥ᠋ᠷᠡᠨ | ᠵᠡᠭᠡᠯᠢ᠂ ᠪᠠᠷᠠᠭᠤᠨᠰᠢ ᠪᠠᠨ ᠢ ᠮᠢᠨ ᠵᠠᠮ ᠵᠡᠭᠦᠨᠰᠢ ᠪᠠᠨ ᠵᠢᠶ ᠲᠦᠩ ᠵᠠᠮ ᠬᠦᠷᠬᠦ ᠣᠷᠣᠨ ᠵᠠᠶ ᠶᠢᠨ ᠳᠡᠭᠡᠷ᠎ᠡ | ᠠᠭᠠᠷ ᠲᠤ ᠲᠦᠷ ᠴᠠᠭ ᠤᠨ ᠠᠭᠠᠷ ᠤᠨ ᠬᠢᠵᠠᠭᠠᠷᠯᠠᠯ ᠤᠨ ᠣᠷᠣᠨ ᠪᠠᠶᠢᠭᠤᠯᠵᠤ᠂ ᠵᠥᠪᠰᠢᠶᠡᠷᠡᠯ ᠣᠯᠤᠭᠰᠠᠨ ᠥᠬᠡᠶ | ᠨᠢᠭᠡᠴᠡ᠂ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠠᠯᠢᠪᠠ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠵᠠᠷ ᠤᠨ | ᠴᠢᠨᠠᠷᠲᠠᠶ ᠨᠢᠰᠥᠯᠲᠡ ᠶᠢᠨ ᠠᠵᠢᠯᠯᠠᠭ᠎ᠠ ᠪᠠ ᠬᠡᠢ ᠪᠥᠮᠪᠦᠭᠡ ᠨᠢᠰᠬᠡᠬᠦ ᠠᠵᠢᠯᠯᠠᠭ᠎ᠠ ᠶᠢ ᠴᠠᠭᠠᠵᠠᠯᠭᠠ᠃ ᠥᠷᠭᠡᠨ ᠤᠯᠠᠨ | ᠨᠢᠰᠦᠭᠦᠷ ᠤᠨ ᠪᠠᠭ᠋ᠠᠳᠠᠤᠨ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠨ ᠰᠠᠬᠢᠵᠤ᠂ ᠣᠷᠣᠨ ᠵᠠᠶ ᠶᠢᠨ ᠳᠣᠲᠣᠷ᠎ᠠ ᠳᠤᠷ᠎ᠠ ᠪᠠᠷ ᠢᠶᠠᠨ ᠵᠢᠯᠣᠭᠤᠴᠢ ᠦᠭᠡᠶ ᠨᠢᠰᠦᠭᠦᠷ ᠵᠡᠷᠭᠡ ᠳᠤᠤᠷ᠎ᠠ | ᠠᠭᠠᠷ ᠤᠨ ᠤᠳᠠᠭᠠᠨ ᠬᠤᠷᠳᠤᠴᠠᠲᠤ ᠪᠠᠭ᠎ᠠ ᠬᠡᠯᠪᠡᠷᠢ ᠶᠢᠨ ᠨᠢᠰᠦᠭᠦᠷ ᠪᠣᠯᠤᠨ ᠠᠭᠠᠷ ᠤᠨ ᠬᠥᠪᠦᠮᠡᠯ ᠪᠣᠳᠠᠰ ᠢ | ᠨᠢᠰᠬᠡᠵᠦ ᠪᠣᠯᠬᠤ ᠥᠬᠡᠶ᠃ ᠬᠠᠤᠯᠢ ᠲᠣᠭᠲᠠᠭᠠᠯ ᠠᠴᠠ ᠵᠥᠷᠢᠴᠡᠨ ᠨᠢᠰᠬᠡᠭᠰᠡᠨ ᠦᠢᠯᠡ ᠠᠵᠢᠯᠯᠠᠭ᠎ᠠ ᠶᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠶᠢ | ᠵᠥᠷᠢᠴᠡᠵᠦ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠭᠠᠳᠠᠭᠰᠢ ᠭᠠᠷᠬᠤ ᠠᠮᠤᠷ ᠲᠦᠪᠰᠢᠨ ᠤ ᠰᠠᠨᠠᠭᠤᠯᠤᠮᠵᠢ | 1. ᠲᠤᠰ ᠤᠳᠠᠭᠠᠨ ᠤ ᠦᠵᠡᠭᠦᠯᠭᠡ ᠶᠢᠨ ᠬᠤᠸᠠᠷ ᠫᠤᠤᠵᠢᠩ ᠨᠢ ᠴᠥᠮ ᠥᠨᠳᠥᠷ ᠣᠭᠲᠠᠷᠭᠤᠶ ᠶᠢᠨ | ᠲᠥᠷᠥᠯ ᠵᠦᠢᠯ ᠤᠨ ᠬᠢ ᠪᠠᠶᠢᠵᠤ᠂ ᠠᠯᠤᠰ ᠠᠴᠠ ᠬᠠᠷᠠᠭᠳᠠᠬᠤ ᠦᠵᠡᠮᠵᠢ ᠨᠢ ᠨᠠᠩ ᠭᠤᠶᠣ ᠪᠠᠶᠢᠳᠠᠭ᠃ ᠥᠷᠭᠡᠨ | ᠣᠯᠠᠨ ᠰᠠᠭᠤᠭᠠᠯᠢ ᠠᠷᠠᠳ ᠠᠮᠤᠷ ᠲᠦᠪᠰᠢᠨ ᠤ ᠵᠠᠶ ᠪᠠᠨ ᠪᠠᠲᠤᠯᠠᠵᠤ ᠰᠣᠨᠢᠷᠬᠠᠨ ᠦᠵᠡᠬᠦ ᠶᠢ ᠬᠦᠰᠡᠵᠦ ᠪᠠᠶᠢᠨ᠎ᠠ᠃ | 2. ᠦᠵᠡᠬᠦ ᠬᠥᠮᠦᠰ ᠨᠡᠯᠢᠶᠡᠳ ᠣᠯᠠᠨ᠂ ᠲᠡᠷᠭᠡ ᠬᠥᠰᠬᠡ ᠨᠡᠪᠲᠡᠷᠡᠬᠦ ᠬᠡᠮᠵᠢᠶ᠎ᠡ ᠶᠡᠭᠡ ᠲᠤᠯᠠ ᠦᠵᠡᠭᠴᠢ | ᠲᠦᠮᠡᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠯᠡᠬᠦ ᠪᠤᠶᠤ ᠶᠠᠪᠠᠭᠠᠨ ᠶᠠᠪᠤᠬᠤ ᠬᠡᠯᠪᠡᠷᠢ ᠪᠠᠷ | ᠦᠵᠡᠭᠦᠯᠭᠡ ᠶᠢᠨ ᠲᠤᠬᠠᠶ ᠶᠢᠨ ᠲᠠᠯᠠᠪᠤᠷ ᠲᠤ ᠣᠴᠢᠬᠤ ᠶᠢ ᠰᠠᠨᠠᠭᠤᠯᠵᠤ᠂ ᠬᠤᠪᠢ ᠪᠠᠷ ᠢᠶᠠᠨ ᠲᠡᠷᠭᠡ ᠵᠢᠯᠣᠭᠤᠳᠴᠤ | ᠲᠤᠬᠠᠶ ᠶᠢᠨ ᠲᠠᠯᠠᠪᠤᠷ ᠲᠤ ᠣᠴᠢᠪᠠᠯ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠤᠯᠭ᠎ᠠ ᠶᠣᠰᠣᠭᠠᠷ ᠬᠤᠪᠢ ᠶᠢᠨ | ᠮᠠᠰᠢᠨ ᠲᠡᠷᠭᠡ ᠪᠠᠨ ᠵᠣᠭᠰᠣᠭᠠᠬᠤ ᠪᠤᠶᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠭᠠᠳᠠᠨᠠᠬᠢ ᠣᠷᠣᠨ ᠳᠤ | ᠵᠣᠭᠰᠣᠭᠠᠬᠤ ᠶᠢ ᠰᠠᠨᠠᠭᠤᠯᠵᠤ ᠪᠠᠶᠢᠨ᠎ᠠ᠃ | 3. ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠤᠷᠤᠭᠰᠠᠨ ᠤ ᠳᠠᠷᠠᠭ᠎ᠠ ᠲᠤᠬᠠᠶ ᠶᠢᠨ ᠲᠠᠯᠠᠪᠤᠷ ᠤᠨ | ᠠᠵᠢᠯᠲᠠᠨ ᠤ ᠵᠢᠯᠣᠭᠤᠳᠣᠯᠭ᠎ᠠ ᠶᠢ ᠳᠠᠭᠠᠵᠤ᠂ ᠲᠣᠭᠲᠠᠭᠰᠠᠨ ᠵᠠᠮ ᠱᠤᠭᠤᠮ ᠪᠠ ᠣᠷᠣᠨ ᠵᠠᠶ ᠳᠤ ᠠᠵᠢᠯᠯᠠᠭ᠎ᠠ ᠬᠢᠬᠦ | ᠬᠡᠷᠡᠭᠲᠡᠶ᠃ ᠬᠤᠸᠠᠷ ᠫᠤᠤᠵᠢᠩ ᠰᠤᠨᠢᠷᠬᠠᠨ ᠦᠵᠡᠬᠦ ᠶᠠᠪᠤᠴᠠ ᠳᠤ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠨ᠂ | ᠭᠡᠨᠡᠳᠲᠡ ᠪᠠᠷ ᠭᠦᠶᠦᠯᠳᠤᠵᠤ ᠲᠦᠯᠬᠢᠯᠴᠡᠵᠦ ᠰᠢᠬᠠᠯᠳᠤᠵᠤ ᠪᠣᠯᠬᠤ ᠥᠬᠡᠶ᠃ ᠬᠡᠷᠪᠡ ᠬᠥᠮᠦᠨ ᠣᠯᠠᠨ ᠠᠴᠠ | ᠰᠢᠬᠠᠯᠳᠤᠪᠠᠯ ᠰᠠᠨᠳᠤᠷᠴᠤ ᠪᠣᠯᠬᠤ ᠥᠬᠡᠶ᠂ ᠠᠯᠢ ᠴᠢᠳᠠᠬᠤ ᠪᠠᠷ ᠯᠠᠪᠳᠠᠭᠤᠨ ᠵᠣᠭᠰᠣᠵᠤ᠂ ᠣᠶᠢᠴᠢᠬᠤ ᠵᠢᠴᠢ | ᠭᠢᠰᠬᠢᠯᠡᠬᠦ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 4. ᠨᠠᠰᠤᠲᠠᠨ᠂ ᠬᠡᠦᠬᠡᠳ ᠢ ᠰᠠᠶᠢᠳᠣᠷ ᠬᠠᠷᠠᠭᠠᠯᠵᠠᠵᠤ᠂ ᠴᠢᠳᠠᠬᠤ ᠶᠢᠨ ᠬᠢᠷᠢ ᠪᠠᠷ ᠨᠠᠰᠤᠲᠠᠨ ᠪᠠ | ᠬᠡᠦᠬᠡᠳ ᠲᠤ ᠢᠯᠡ ᠥᠩᠭᠡ ᠲᠠᠢ ᠬᠤᠪᠴᠠᠰᠤ ᠡᠮᠦᠰᠬᠡᠵᠦ᠂ ᠬᠥᠮᠦᠰ ᠤᠨ ᠳᠤᠮᠳᠠ ᠲᠦᠷᠭᠡᠨ ᠢᠯᠭᠠᠨ ᠲᠠᠨᠢᠬᠤ ᠳᠤ | ᠳᠥᠭᠦᠮ ᠪᠣᠯᠭᠠᠵᠤ᠂ ᠨᠠᠰᠤᠲᠠᠨ ᠪᠠ ᠬᠡᠦᠬᠡᠳ ᠢ ᠬᠡᠵᠢᠶᠡᠳᠡ ᠥᠪᠡᠷ ᠤᠨ ᠬᠠᠷᠠᠭᠠᠨ ᠤ ᠬᠡᠪᠴᠢᠶᠡᠨ ᠳᠡᠭᠡᠨ | ᠪᠠᠶᠢᠯᠭᠠᠵᠤ᠂ ᠲᠥᠭᠡᠷᠢᠭᠦᠯᠬᠦ ᠠᠴᠠ ᠵᠠᠶᠢᠯᠠᠰᠬᠢᠬᠦ ᠬᠡᠷᠡᠭᠲᠡᠶ᠃ | 5. ᠪᠣᠢ ᠪᠦᠬᠦᠢ ᠬᠥᠮᠦᠨ ᠳᠤᠷ᠎ᠠ ᠪᠠᠷ ᠢᠶᠠᠨ ᠬᠤᠸᠠᠷ ᠫᠤᠤᠵᠢᠩ ᠠᠪᠴᠤ ᠠᠵᠢᠯᠯᠠᠭᠠᠨ ᠤ ᠣᠷᠣᠨ ᠳᠤ | ᠣᠷᠣᠵᠤ ᠪᠣᠯᠬᠤ ᠦᠭᠡᠢ᠂ ᠪᠠᠰᠠ ᠲᠤᠬᠠᠶ ᠶᠢᠨ ᠲᠠᠯᠠᠪᠠᠢ ᠵᠢᠴᠢ ᠡᠷᠭᠢᠨ ᠲᠣᠭᠤᠷᠢᠨ ᠳᠤ ᠳᠤᠷ᠎ᠠ ᠪᠠᠷ ᠢᠶᠠᠨ ᠫᠤᠤᠵᠢᠩ | ᠲᠠᠯᠪᠢᠵᠤ ᠪᠣᠯᠬᠤ ᠥᠬᠡᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠤᠸᠠᠷ ᠫᠤᠤᠵᠢᠩ ᠲᠠᠯᠪᠢᠬᠤ | ᠲᠣᠭᠯᠠᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠤ | ᠬᠠᠮᠤᠭ ᠤᠨ ᠰᠠᠶᠢᠨ ᠦᠵᠡᠮᠦᠷᠢ ᠶᠢᠨ ᠦᠷ᠎ᠡ ᠪᠦᠲᠦᠮᠵᠢ ᠭᠠᠷᠭᠠᠬᠤ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ | ᠪᠣᠯᠤᠨ ᠵᠤᠭᠠᠴᠠᠭᠰᠠᠳ ᠢᠳᠡᠪᠬᠢᠲᠡᠶ ᠪᠠᠷ ᠬᠠᠮᠵᠢᠯᠴᠠᠨ᠂ ᠲᠤᠰ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠬᠤ ᠶᠢ ᠬᠦᠰᠡᠶ᠎ᠡ᠃ ᠵᠠᠬᠢᠷᠤᠨ ᠬᠠᠮᠢᠶᠠᠷᠬᠤ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠣᠯᠠᠨ ᠢᠶᠠᠷ ᠢᠶᠠᠨ ᠠᠮᠤᠷ | ᠲᠦᠪᠰᠢᠨ᠂ ᠡᠮᠬᠢ ᠳᠢᠭᠯᠢᠮ ᠲᠠᠢ ᠠᠵᠢᠯᠯᠠᠭᠠᠨ ᠤ ᠣᠷᠴᠢᠨ ᠲᠣᠭᠤᠷᠢᠨ ᠢ ᠬᠠᠮᠲᠤᠪᠠᠷ ᠪᠣᠢ ᠪᠣᠯᠭᠠᠵᠤ᠂ ᠪᠠᠶᠠᠷ | ᠪᠠᠶᠠᠰᠬᠤᠯᠠᠩ ᠲᠠᠢ᠂ ᠥᠯᠵᠡᠢ ᠪᠡᠯᠭᠡ ᠲᠠᠢ ᠥᠯᠵᠡᠶᠢᠲᠦ ᠡᠳᠦᠷ ᠢᠶᠠᠨ ᠥᠩᠭᠡᠷᠡᠭᠦᠯᠬᠦ ᠶᠢ ᠬᠦᠰᠡᠵᠦ ᠪᠠᠶᠢᠨ᠎ᠠ᠃ | ᠡᠭᠦᠨ ᠤ ᠲᠤᠯᠠ ᠣᠡᠴᠠᠭᠠᠶᠢᠯᠠᠨ ᠵᠠᠷᠯᠠᠪᠠ︕ | | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 2025 ᠣᠨ ᠤ 2 ᠰᠠᠷ᠎ᠠ ᠶᠢᠨ 9 ᠤ ᠡᠳᠦᠷ | | ᠳᠠᠭᠠᠯᠳᠤᠭᠤᠯᠤᠯ᠄ ᠵᠠᠬᠢᠷᠤᠨ ᠬᠠᠮᠢᠶᠠᠷᠤᠯᠲᠠ ᠶᠢᠨ ᠣᠷᠣᠨ ᠤ ᠵᠢᠷᠤᠭ | | | |