2 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠰᠢᠭᠤᠨ ᠳᠠᠷᠤᠭ᠎ᠠ ᠴᠧᠨ ᠬᠤ᠋ ᠨᠠᠨ | ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠣᠭᠤᠶᠢᠯᠠᠩ ᠤᠨ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ | ᠬᠤᠶᠠᠳᠤᠭᠠᠷ ᠱᠠᠭᠠᠷᠳᠡᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ | ᠵᠢᠭᠠᠨ ᠵᠢᠯᠣᠭᠤᠳᠴᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠬᠤᠷᠠᠯ ᠳᠤ ᠣᠷᠣᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠰᠤ | ᠬᠤᠰᠢᠭᠤᠨ ᠳᠡᠳ᠋ ᠳᠠᠷᠤᠭ᠎ᠠ ᠬᠤᠷᠠᠯ ᠳᠤ ᠰᠤᠯᠠ ᠣᠷᠣᠯᠴᠠᠪᠠ᠃ | | | | ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠤᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ | ᠡᠮᠦᠨ᠎ᠡ ᠭᠦᠢᠴᠡᠣᠨ ᠪᠡᠯᠡᠳᠬᠡᠯ ᠬᠢᠵᠦ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠣᠨ ᠰᠤᠷᠤᠯᠴᠠᠵᠤ ᠰᠤᠳᠤᠯᠤᠨ | ᠶᠠᠷᠢᠯᠴᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ ᠬᠠᠷᠭᠤᠭᠤᠯᠤᠭᠰᠠᠨ ᠪᠠᠶᠢᠴᠠᠭᠠᠯᠳᠡ ᠶᠢᠨ ᠮᠠᠲ᠋ᠧᠷᠢᠶᠠᠯ ᠢᠶᠠᠨ ᠨᠠᠷᠢᠨ ᠨᠢᠮᠪᠠᠶ | ᠲᠤᠭᠤᠷᠪᠢᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠣᠷ ᠬᠢᠬᠦ ᠳᠤ ᠰᠠᠭᠤᠷᠢ | ᠲᠠᠯᠪᠢᠵᠤ ᠥᠭᠭᠦᠭᠰᠡᠨ ᠪᠠᠶᠢᠨ᠎ᠠ᠃ | | | | ᠬᠤᠷᠠᠯ ᠠᠴᠠ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠣᠭᠤᠶᠢᠯᠠᠩ ᠤᠨ 2023 | ᠣᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠡᠯ ᠵᠢᠴᠢ ᠲᠤᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠶᠢᠨ ᠪᠠᠶᠢᠳᠡᠯ ᠢ ᠮᠡᠳᠡᠭᠳᠡᠪᠡ᠃ | ᠴᠧᠨ ᠬᠤ᠋ ᠨᠠᠨ ᠡᠩ ᠲᠡᠷᠢᠭᠦᠨ ᠳᠤ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠣᠭᠤᠶᠢᠯᠠᠩ ᠤᠨ | ᠡᠮᠦᠨ᠎ᠡ ᠠᠴᠠ ᠬᠠᠷᠭᠤᠭᠤᠯᠤᠭᠰᠠᠨ ᠪᠠᠶᠢᠴᠠᠭᠠᠯᠳᠡ ᠬᠢᠬᠦ ᠶᠢᠨ ᠬᠠᠮᠲᠤ᠂ ᠪᠡᠶ᠎ᠡ ᠪᠠᠷ ᠢᠶᠠᠨ ᠲᠦᠷᠦᠭᠦᠯᠡᠨ ᠬᠤᠪᠢ | ᠬᠥᠮᠦᠨ ᠤ ᠬᠠᠷᠭᠤᠭᠤᠯᠤᠭᠰᠠᠨ ᠪᠠᠶᠢᠴᠠᠭᠠᠯᠳᠡ ᠬᠢᠪᠡ᠃ ᠳᠠᠷᠠᠭ᠎ᠠ ᠨᠢ ᠨᠠᠮ ᠤᠨ ᠤᠳᠤᠷᠢᠳᠬᠤ ᠳᠤᠭᠤᠶᠢᠯᠠᠩ ᠤᠨ | ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠳᠠ ᠬᠢᠵᠦ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ | ᠪᠦᠯᠬᠦᠮᠳᠡᠯ ᠢᠶᠠᠨ ᠴᠢᠩᠭᠠᠳᠬᠠᠬᠤ᠂ ᠡᠷᠴᠢ ᠵᠣᠷᠢᠭ ᠢᠶᠠᠨ ᠬᠥᠪᠴᠢᠯᠡᠬᠦ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ | ᠬᠦᠷᠴᠡᠶ᠃ | | | | ᠴᠧᠨ ᠬᠤ᠋ ᠨᠠᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠬᠤᠰᠢᠭᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠣᠨᠣᠯ ᠢᠶᠠᠷ ᠵᠡᠪᠰᠡᠭᠯᠡᠬᠦ ᠪᠠᠨ | ᠴᠢᠩᠭᠠᠳᠬᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠢᠨ᠎ᠡ ᠪᠠᠶᠢᠳᠠᠯ ᠢ ᠠᠵᠢᠭᠯᠠᠵᠤ᠂ | ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠳᠤ ᠪᠠᠨ ᠬᠠᠳᠠᠩᠰᠢᠭᠤᠯᠵᠤ | ᠪᠣᠳᠠᠲᠤ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠠᠶᠢᠳᠣᠷ ᠰᠡᠳᠬᠢᠵᠦ ᠰᠠᠶᠢᠳᠣᠷ ᠬᠡᠷᠡᠭᠯᠡᠬᠦ ᠬᠡᠷᠡᠭᠲᠡᠶ᠃ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠣᠡᠭᠡᠵᠤ᠂ ︽ᠲᠠᠪᠤᠨ ᠶᠡᠭᠡ ᠡᠭᠦᠷᠭᠡ︾ ᠶᠢᠨ | ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ | ᠵᠢᠴᠢ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ | ᠵᠦᠢᠯ ᠤᠨ ᠠᠵᠢᠯ ᠳᠤ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ ᠦᠷ᠎ᠡ ᠪᠦᠲᠦᠮᠵᠢ ᠶᠢ ᠨᠢ | ᠮᠥᠷᠳᠡᠨ ᠠᠰᠠᠭᠤᠬᠤ ᠶᠢ ᠴᠢᠩᠭᠠᠳᠬᠠᠵᠤ᠂ ᠵᠤᠷᠪᠤᠰ ᠳᠠᠷᠠᠭᠠᠯᠠᠨ ᠬᠠᠷᠠᠯᠲᠠ ᠪᠠᠨ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠪᠣᠳᠠᠳᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠭᠰᠠᠨ ᠪᠠ ᠪᠠᠶᠢᠴᠠᠭᠠᠨ ᠦᠵᠡᠵᠦ ᠪᠠᠶᠢᠴᠠᠭᠠᠨ ᠳᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ | ᠶᠠᠪᠤᠴᠠ ᠶᠢ ᠦᠨᠡᠨᠬᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠪᠣᠳᠠᠲᠠᠶ ᠶᠢ | ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ | ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠮ ᠤᠨ ᠰᠢᠯᠢᠳᠡᠭ ᠰᠤᠷᠲᠠᠯ ᠢ ᠦᠢᠯᠡᠳᠣᠯᠭᠡᠵᠢᠭᠦᠯᠵᠤ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠶ ᠭᠡᠵᠡᠶ᠃ ︵ᠰᠠᠶᠢᠬᠠᠡᠬᠤᠸᠠᠷ︶ |