2 ᠰᠠᠷ᠎ᠠ ᠶᠢᠨ 12 ᠤᠨ ᠦᠳᠡᠰᠢ ᠶᠢᠨ 19᠄ 29 -19᠄ 59 ᠴᠠᠭ ᠤᠨ ᠬᠤᠭᠤᠷᠣᠨᠳᠣ᠂ ᠠᠷᠤ | ᠬᠤᠷᠴᠢᠨ ᠬᠤᠰᠢᠭᠤ 2025 ᠣᠨ ᠤ ᠬᠥᠬᠡᠭᠴᠢᠨ ᠮᠣᠭᠠᠶ ᠵᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ | ᠦᠯᠵᠠᠶᠢᠳᠤ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠶᠠᠪᠤᠭᠳᠠᠭᠤᠯᠵᠤ᠂ ᠪᠦᠬᠦ ᠬᠤᠰᠢᠭᠤᠨ ᠤ ᠠᠷᠠᠳ | ᠣᠯᠠᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠥᠳᠭᠡᠷᠡᠭᠦᠯᠦᠨ᠂ ᠣᠶᠤᠨ ᠤ ᠪᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠠᠶ᠃ | | | | | | ᠠᠵᠢᠯᠯᠠᠭ᠎ᠠ ᠳᠤ᠂ ᠥᠩᠭᠡ ᠪᠤᠳᠤᠭ ᠢᠯᠭᠠᠷᠠᠮ᠎ᠠ ᠭᠤᠶᠢᠳᠠ ᠰᠠᠶᠢᠬᠠᠨ ᠬᠤᠸᠠᠷ ᠫᠤᠤᠵᠢᠩ ᠤᠨ ᠦᠵᠡᠮᠵᠢ ᠨᠢ | ᠬᠥᠮᠦᠰ ᠲᠤ ᠨᠢᠳᠦᠨ ᠤ ᠵᠤᠭ᠎ᠠ᠂ ᠰᠡᠳᠬᠢᠯ ᠤᠨ ᠪᠠᠶᠠᠰᠤᠯ ᠬᠦᠷᠲᠡᠭᠡᠵᠦ᠂ ᠠᠬᠤᠶ ᠲᠠᠯᠠᠪᠠᠢ ᠶᠢᠨ ᠠᠭᠤᠷ ᠠᠮᠢᠰᠬᠤᠯ | ᠶᠡᠷᠦ ᠪᠤᠰᠤ ᠶᠢᠨ ᠬᠦᠷ ᠨᠠᠷᠭᠢᠶᠠᠨ ᠢᠶᠠᠷ ᠪᠢᠯᠬᠠᠨ᠂ ᠦᠯᠵᠠᠶᠢᠳᠤ ᠡᠳᠦᠷ ᠤᠨ ᠪᠠᠶᠠᠷ ᠢᠶᠠᠨ ᠦᠪᠡᠳᠡᠭᠰᠢ ᠰᠠᠶᠢᠬᠠᠨ | ᠲᠡᠮᠳᠡᠭᠯᠡᠭᠰᠡᠨ ᠪᠠᠶᠢᠨ᠎ᠠ᠃ | | | | | | ᠲᠤᠰ ᠤᠳᠠᠭᠠᠨ ᠤ ᠬᠤᠸᠠᠷ ᠫᠤᠤᠵᠢᠩ ᠤᠨ ᠦᠵᠡᠭᠦᠯᠭᠡ ᠶᠢ ᠬᠤᠰᠢᠭᠤᠨ ᠬᠠᠮ ᠵᠠᠭᠤᠴᠢᠯᠠᠭᠤᠷ ᠤᠨ | ᠲᠥᠪ ᠠᠴᠠ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠲᠢᠺ ᠲᠣᠺ᠂ ᠪᠤᠰᠢᠭᠤ ᠭᠠᠷ᠂ ᠸᠢᠴᠠᠲ ᠤᠨ | ᠸᠢᠳᠢᠣ᠋ ᠳ᠋ᠤᠭᠠᠷ ᠵᠡᠷᠭᠡ ᠪᠠᠷ ᠨᠡᠪᠲᠡᠷᠡᠭᠦᠯᠵᠦ᠂ ᠬᠦᠯᠢᠶᠡᠨ ᠠᠪᠴᠤ ᠦᠵᠡᠭᠰᠡᠨ ᠬᠥᠮᠦᠨ ᠤᠳᠠᠭ᠎ᠠ ᠶᠢᠨ ᠲᠤᠭ᠎ᠠ ᠨᠢ 5 | ᠲᠦᠮᠡ ᠭᠠᠷᠤᠶ ᠪᠠᠶᠢᠯ᠎ᠠ᠃ ︵ᠯᠢ ᠬᠤᠸᠠᠨ ᠢᠦᠶ᠂ ᠰᠠᠶᠢᠬᠠᠡᠬᠤᠸᠠᠷ᠂ ᠴᠡᠯᠮᠡᠭ᠂ ᠭᠤᠸᠠᠨ ᠰᠢᠶᠣᠤ ᠳ᠋ᠦᠩ᠂ ᠳ᠋ᠦᠩ | ᠱᠤᠸᠠᠩ︶ | | | | |