ᠠᠷᠤ ᠬᠤᠷᠴᠢᠨ ᠬᠤᠰᠢᠭᠤ ︽ᠪᠠᠶᠠᠷ ᠪᠠᠶᠠᠰᠤᠯᠲᠤ ᠥᠯᠵᠡᠶᠢᠲᠦ ᠡᠳᠦᠷ ᠣᠨᠢᠰᠤᠭ᠎ᠠ ᠳᠠᠭᠠᠵᠤ ᠣᠶᠤᠨ ᠢᠶᠠᠨ ᠰᠢᠯᠭᠠᠬᠤ︾ 2025 ᠣᠨ ᠤ ᠴᠠᠭᠠᠨ ᠰᠠᠷ᠎ᠠ ᠶᠢᠨ ᠦᠯᠵᠠᠶᠢᠳᠤ ᠡᠳᠦᠷ ᠤᠨ ᠣᠨᠢᠰᠤᠭ᠎ᠠ ᠳᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/13
       ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠡᠶ᠎ᠡ ᠵᠣᠬᠢᠴᠠᠩᠭᠤᠶ ᠬᠠᠯᠠᠭᠤᠨ ᠳᠤᠯᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 2 ᠰᠠᠷ᠎ᠠ ᠶᠢᠨ 12 ᠤᠨ ᠡᠳᠦᠷ᠂ ᠠᠷᠤ ᠬᠤᠷᠴᠢᠨ ᠬᠤᠰᠢᠭᠤ ︽ᠪᠠᠶᠠᠷ ᠪᠠᠶᠠᠰᠤᠯᠲᠤ ᠥᠯᠵᠡᠶᠢᠲᠦ ᠡᠳᠦᠷ᠂ ᠣᠨᠢᠰᠤᠭ᠎ᠠ ᠳᠠᠭᠠᠵᠤ ᠣᠶᠤᠨ ᠢᠶᠠᠨ ᠰᠢᠯᠭᠠᠬᠤ︾ ᠣᠨᠢᠰᠤᠭ᠎ᠠ ᠳᠠᠭᠠᠬᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠠᠬᠤᠶ ᠲᠠᠯᠠᠪᠠᠢ ᠳᠤ ᠥᠩᠭᠡᠲᠦ ᠳ᠋ᠧᠩ ᠰᠣᠯᠣᠩᠭᠠᠷᠠᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃
       ᠲᠤᠰ ᠤᠳᠠᠭᠠᠨ ᠤ ᠠᠵᠢᠯᠯᠠᠭ᠎ᠠ ᠨᠢ ᠬᠢᠲᠠᠳ ᠬᠡᠯᠡᠨ ᠤ ᠣᠨᠢᠰᠤᠭ᠎ᠠ ᠳᠠᠭᠠᠬᠤ ᠪᠠ ᠮᠣᠩᠭᠤᠯ ᠬᠡᠯᠡᠨ ᠤ ᠣᠨᠢᠰᠤᠭ᠎ᠠ ᠳᠠᠭᠠᠬᠤ ᠬᠤᠶᠠᠷ ᠵᠦᠢᠯ ᠢᠶᠠᠷ ᠶᠠᠪᠤᠭᠳᠠᠵᠤ᠂ ᠬᠢᠲᠠᠳ ᠬᠡᠯᠡᠨ ᠤ ᠣᠨᠢᠰᠤᠭ᠎ᠠ ᠨᠢ ᠦᠭᠡ ᠥᠭᠦᠯᠡᠪᠦᠷᠢ ᠶᠢᠨ ᠳᠤᠮᠳᠠ ᠡᠷᠲᠡᠨ ᠤ ᠰᠢᠯᠦᠭ ᠳᠠᠭᠤᠯᠠᠯ ᠤᠨ ᠤᠷᠠᠨ ᠳᠠᠮ ᠪᠠ ᠠᠮᠢᠳᠤᠷᠠᠯ ᠤᠨ ᠶᠡᠷᠦ ᠶᠢᠨ ᠮᠡᠳᠡᠯᠭᠡ ᠶᠢᠨ ᠰᠣᠨᠢᠷᠬᠠᠯᠲᠤ ᠵᠦᠢᠯ ᠢ ᠠᠭᠤᠰᠤᠯᠴᠠᠭᠤᠯᠤᠨ᠂ ᠮᠣᠩᠭᠤᠯ ᠬᠡᠯᠡᠨ ᠤ ᠣᠨᠢᠰᠤᠭ᠎ᠠ ᠨᠢ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠣᠨᠴᠠᠯᠢᠭ ᠲᠠᠢ ᠮᠥᠷᠲᠡᠭᠡᠨ ᠬᠤᠶᠠᠷ ᠵᠦᠢᠯ ᠤᠨ ᠣᠨᠢᠰᠤᠭ᠎ᠠ ᠨᠢ ᠠᠭᠤᠯᠭ᠎ᠠ ᠡᠯᠪᠡᠭ ᠪᠠᠶᠠᠯᠢᠭ᠂ ᠲᠥᠷᠥᠯ ᠬᠡᠯᠪᠡᠷᠢ ᠪᠦᠷᠢᠨ ᠪᠠᠶᠢᠵᠤ᠂ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠬᠠᠷᠠᠭᠤᠯᠪᠠ᠃
       ᠠᠵᠢᠯᠯᠠᠭ᠎ᠠ ᠶᠢᠨ ᠠᠬᠤᠶ ᠲᠠᠯᠠᠪᠠᠢ ᠳᠤ ᠣᠯᠠᠨ ᠬᠥᠮᠦᠰ ᠴᠤᠭᠯᠠᠷᠠᠨ᠂ ᠡᠯᠭᠦᠭᠡᠰᠦᠲᠡᠶ ᠳ᠋ᠧᠩᠯᠦ ᠶᠢᠨ ᠣᠨᠢᠰᠤᠭ᠎ᠠ ᠶᠢ ᠳᠠᠭᠠᠵᠤ᠂ ᠤᠬᠠᠭᠠᠨ ᠪᠢᠯᠢᠭ᠂ ᠮᠡᠳᠡᠯᠭᠡ ᠣᠶᠤᠨ ᠢᠶᠠᠨ ᠰᠣᠷᠢᠭᠰᠠᠨ ᠣᠢ ᠤᠬᠠᠭᠠᠨ ᠤ ᠲᠡᠮᠡᠴᠡᠭᠡᠨ ᠪᠣᠯᠵᠤ᠂ ᠣᠨᠢᠰᠤᠭ᠎ᠠ ᠵᠥᠪ ᠳᠠᠭᠠᠭᠰᠠᠨ ᠬᠥᠮᠦᠰ ᠨᠢᠭᠡ ᠬᠤᠪᠢ ᠪᠠᠶᠠᠷ ᠤᠨ ᠡᠳᠦᠷ ᠤᠨ ᠰᠠᠶᠢᠬᠠᠨ ᠪᠡᠯᠡᠭ ᠲᠤᠰᠴᠤ᠂ ᠥᠯᠵᠡᠶᠢᠲᠦ ᠡᠳᠦᠷ ᠢᠶᠠᠨ ᠤᠳᠬ᠎ᠠ ᠲᠡᠭᠦᠯᠳᠡᠷ ᠥᠩᠭᠡᠷᠡᠭᠦᠯᠦᠨ᠎ᠡ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号