2 ᠰᠠᠷ᠎ᠠ ᠶᠢᠨ 12 ᠤᠨ ᠡᠳᠦᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠠᠶᠢᠳᠤ ᠡᠳᠦᠷ ᠤᠨ | ᠪᠠᠶᠠᠷ ᠢᠶᠠᠷ᠂ ᠠᠷᠤ ᠬᠤᠷᠴᠢᠨ ᠬᠤᠰᠢᠭᠤᠨ ᠤ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠬᠦᠴᠦ ᠪᠠᠨ | ᠲᠥᠪᠯᠡᠷᠡᠭᠦᠯᠦᠨ ᠰᠢᠨ᠎ᠡ ᠬᠠᠭᠤᠳᠠᠰᠤ ᠶᠢ ᠪᠢᠴᠢᠭᠯᠡᠨᠡᠮ︾ 2025 ᠣᠨ ᠤ ᠬᠥᠬᠡᠭᠴᠢᠨ ᠮᠣᠭᠠᠶ ᠵᠢᠯ ᠤᠨ ᠴᠠᠭᠠᠨ | ᠰᠠᠷ᠎ᠠ ᠶᠢᠨ ᠠᠷᠪᠠᠨ ᠲᠠᠪᠤᠨ ᠤ ᠶᠠᠩᠭᠠᠷ ᠪᠥᠵᠢᠭ ᠤᠨ ᠤᠷᠤᠯᠳᠤᠭᠠᠨ ᠬᠤᠰᠢᠭᠤᠨ ᠮᠦᠽᠧᠶ ᠶᠢᠨ ᠡᠮᠦᠨ᠎ᠡ ᠲᠠᠯ᠎ᠠ ᠶᠢᠨ | ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠪᠥᠬᠦ ᠬᠤᠰᠢᠭᠤᠨ ᠤ ᠡᠯ᠎ᠡ ᠭᠠᠵᠠᠷ ᠠᠴᠠ ᠢᠷᠡᠭᠰᠡᠨ | ᠮᠣᠳᠣᠨ ᠬᠥᠯᠲᠦ ᠲᠣᠭᠯᠠᠯᠲᠠ ᠪᠠ ᠶᠠᠩᠭᠠᠷ ᠪᠥᠵᠢᠭ ᠤᠨ ᠲᠣᠭᠯᠠᠯᠲᠠ ᠶᠢᠨ ᠠᠩᠭᠢ ᠤᠷᠤᠯᠳᠤᠭᠠᠨ ᠳᠤ | ᠤᠷᠣᠯᠴᠠᠭᠰᠠᠨ ᠪᠠᠶᠢᠨ᠎ᠠ᠃ | | | | | | ᠤᠷᠤᠯᠳᠤᠭᠠᠨ ᠳᠤ ᠤᠷᠣᠯᠴᠠᠭᠰᠠᠨ ᠲᠥᠯᠥᠭᠡᠯᠡᠭᠴᠢᠳ ᠤᠨ ᠠᠩᠭᠢ ᠶᠢᠨ ᠲᠣᠭᠯᠠᠯᠲᠠ ᠨᠢ ᠠᠭᠤᠯᠭ᠎ᠠ ᠰᠢᠨ᠎ᠡ | ᠰᠡᠪᠡᠭᠦᠨ᠂ ᠬᠡᠯᠪᠡᠷᠢ ᠤᠯᠠᠨ ᠶᠠᠩᠵᠤ ᠪᠠᠶᠢᠵᠤ᠂ ᠤᠯᠠᠮᠵᠢᠯᠠᠯᠲᠤ ᠶᠠᠩᠭᠠᠷ ᠪᠥᠵᠢᠭ᠂ ᠮᠣᠳᠣᠨ ᠬᠦᠯᠲᠦ ᠲᠣᠭᠯᠠᠯᠲᠠ | ᠪᠠᠶᠢᠬᠤ ᠮᠥᠷᠲᠡᠭᠡᠨ ᠣᠳᠣ ᠦᠶ᠎ᠡ ᠶᠢᠨ ᠡᠯᠧᠮᠧᠨ᠋ᠲ ᠪᠠ ᠣᠷᠣᠨ ᠨᠤᠲᠤᠭ ᠤᠨ ᠣᠨᠴᠠᠯᠢᠭ ᠢ ᠠᠭᠤᠰᠬᠠᠨ | ᠣᠷᠣᠭᠤᠯᠵᠤ᠂ ᠪᠥᠮᠪᠥᠷ ᠪᠥᠵᠢᠭ᠂ ᠠᠭᠤᠳᠠᠮ ᠲᠠᠯᠠᠪᠠᠢ ᠶᠢᠨ ᠪᠥᠵᠢᠭ ᠵᠡᠷᠭᠡ ᠶᠢ ᠶᠠᠩᠭᠠᠷ ᠪᠥᠵᠢᠭ ᠲᠠᠢ ᠤᠷᠠᠯᠢᠭ | ᠰᠠᠶᠢᠬᠠᠨ ᠤᠶᠠᠯᠳᠤᠭᠤᠯᠤᠨ᠂ ᠪᠦᠬᠦ᠋ᠢᠯᠡ ᠲᠣᠭᠯᠠᠯᠲᠠ ᠨᠢ ᠤᠯᠠᠮᠵᠢᠯᠠᠯᠲᠤ ᠰᠣᠶᠣᠯ ᠤᠨ ᠬᠥᠭ ᠠᠶᠠᠰ ᠢ | ᠬᠠᠳᠠᠭᠠᠯᠠᠭᠰᠠᠨ ᠢᠶᠠᠷ ᠪᠠᠷᠠᠬᠤ ᠦᠭᠡᠶ ᠴᠠᠭ ᠦᠶ᠎ᠡ ᠶᠢᠨ ᠤᠷᠤᠰᠬᠠᠯ ᠢ ᠳᠠᠭᠠᠭᠰᠠᠨ ᠪᠠᠶᠢᠯ᠎ᠠ᠃ | | | | | | ᠤᠷᠤᠯᠳᠤᠭᠠᠨ ᠤ ᠡᠴᠦᠰ ᠲᠤ᠂ ᠴᠢᠪᠠᠭ᠎ᠠ ᠪᠠᠯᠭᠠᠰᠤ ᠶᠢᠨ ᠯᠦᠩ ᠬᠤ᠋ ᠳᠠᠩ ᠮᠣᠳᠣᠨ ᠬᠥᠯᠲᠦ | ᠲᠣᠭᠯᠠᠯᠲᠠ ᠶᠢᠨ ᠠᠩᠭᠢ ᠨᠢᠭᠡᠳᠦᠭᠡᠷ ᠲᠤ ᠲᠣᠳᠣᠷᠠᠵᠤ᠂ ᠰᠢ ᠶᠠᠩ ᠬᠤᠩ ᠶᠠᠩᠭᠠᠷ ᠪᠥᠵᠢᠭ ᠤᠨ ᠲᠣᠭᠯᠠᠯᠲᠠ ᠶᠢᠨ | ᠠᠩᠭᠢ᠂ ᠠᠷᠤ ᠬᠤᠷᠴᠢᠨ ᠬᠤᠰᠢᠭᠤᠨ ᠤ ᠲᠢᠶᠠᠨ ᠹᠦ᠋ ᠮᠣᠳᠣᠨ ᠬᠥᠯᠲᠦ ᠲᠣᠭᠯᠠᠯᠲᠠ ᠶᠢᠨ ᠠᠩᠭᠢ ᠬᠤᠶᠠᠳᠤᠭᠠᠷ ᠲᠤ | ᠲᠣᠳᠣᠷᠠᠵᠤ᠂ ᠹᠧᠩ ᠼᠠᠢ ᠯᠢᠶᠠᠩ ᠯᠢ ᠶᠠᠩᠭᠠᠷ ᠪᠥᠵᠢᠭ ᠤᠨ ᠲᠣᠭᠯᠠᠯᠲᠠ ᠶᠢᠨ ᠠᠩᠭᠢ᠂ ᠵᠢᠩ ᠴᠢ ᠱᠧᠨ ᠶᠠᠩᠭᠠᠷ | ᠪᠥᠵᠢᠭ ᠤᠨ ᠲᠣᠭᠯᠠᠯᠲᠠ ᠶᠢᠨ ᠠᠩᠭᠢ ᠪᠣᠯᠤᠨ ᠴᠢᠶᠣᠤ ᠰᠢ ᠶᠠᠩ ᠶᠠᠩᠭᠠᠷ ᠪᠥᠵᠢᠭ ᠤᠨ ᠲᠣᠭᠯᠠᠯᠲᠠ ᠶᠢᠨ ᠠᠩᠭᠢ | ᠭᠤᠷᠪᠠᠳᠤᠭᠠᠷ ᠲᠤ ᠲᠣᠳᠣᠷᠠᠵᠠᠶ᠃ | | | | | | ᠲᠤᠰ ᠤᠳᠠᠭᠠᠨ ᠤ ᠶᠠᠩᠭᠠᠷ ᠪᠥᠵᠢᠭ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠥᠷᠭᠡᠨ | ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠠᠶᠠᠷ ᠬᠥᠷ ᠲᠠᠢ᠂ | ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠭᠰᠠᠨ ᠢᠶᠠᠷ ᠪᠠᠷᠠᠬᠤ ᠥᠬᠡᠶ᠂ ᠠᠷᠤ | ᠬᠤᠷᠴᠢᠨ ᠬᠤᠰᠢᠭᠤᠨ ᠤ ᠠᠷᠠᠳ ᠲᠦᠮᠡᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠪᠦᠯᠬᠦᠮᠳᠡᠨ | ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠣᠨ ᠢᠯᠡᠷᠡᠭᠦᠯᠵᠦ᠂ ᠪᠥᠬᠦ ᠬᠤᠰᠢᠭᠤᠨ ᠤ ᠠᠷᠠᠳ | ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠰᠢᠨ᠎ᠡ | ᠨᠢᠭᠡᠨ ᠵᠢᠯ ᠳᠤ ᠲᠡᠭᠦᠰ ᠲᠡᠭᠦᠯᠳᠡᠷ ᠠᠮᠢᠵᠢᠷᠠᠯ ᠤᠨ ᠬᠦᠴᠦᠨ ᠣᠯᠭᠤᠵᠠᠶ᠃ ︵ᠤᠷᠭᠤᠮᠠᠯ᠂ ᠯᠢᠦ ᠰᠢᠨ ᠲᠢᠩ᠂ | ᠰᠠᠷᠠᠡᠬᠤᠸᠠᠷ︶ | | | | |