2 ᠰᠠᠷ᠎ᠠ ᠶᠢᠨ 17 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ | ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠᠶ᠋ᠬᠠᠦ᠋ᠡᠳᠣᠷ | ᠰᠤᠮᠤ ᠶᠢᠨ ᠨᠠᠮ ᠤᠨ ᠬᠤᠷᠢᠶ᠎ᠠ ᠶᠢ ᠳᠣᠭᠤᠷᠢᠨ ᠪᠠᠶᠢᠴᠠᠭᠠᠡᠡᠰᠡᠨ ᠪᠠᠶᠢᠳᠡᠯ ᠢ ᠬᠠᠷᠢᠭᠤ ᠲᠤᠰᠬᠠᠬᠤ ᠬᠤᠷᠠᠯ | ᠬᠤᠷᠠᠯᠳᠤᠪᠠ᠃ | ᠳᠤᠭᠤᠷᠢᠨ ᠪᠠᠶᠢᠴᠠᠭᠠᠬᠤ ᠲᠣᠭᠤᠶᠢᠯᠠᠩ ᠠᠴᠠ ᠪᠠᠶ᠋ᠬᠠᠦ᠋ᠡᠳᠣᠷ ᠰᠤᠮᠤ ᠶᠢᠨ ᠨᠠᠮ ᠤᠨ ᠬᠤᠷᠢᠶ᠎ᠠ ᠶᠢᠨ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠭᠰᠠᠨ ᠪᠠᠶᠢᠨ᠎ᠠ᠃ ᠡᠭᠦᠨ ᠳᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠬᠢᠴᠠ ᠤᠳᠠᠭᠠᠨ ᠪᠠᠶᠢᠭ᠎ᠠ︔ ᠠᠵᠢᠯ ᠤᠨ ᠰᠤᠷᠲᠠᠯ ᠭᠦᠢᠴᠡᠣᠨ ᠯᠠᠪᠳᠠᠭᠤᠨ | ᠪᠢᠰᠢ᠂ ᠣᠯᠠᠨ ᠲᠦᠮᠡᠨ ᠳᠤ ᠦᠢᠯᠡᠴᠢᠯᠡᠬᠦ ᠢᠳᠡᠪᠬᠢᠵᠢᠯ ᠪᠣᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ | ᠴᠢᠬᠤᠯᠠ ᠲᠠᠢ ᠪᠠᠶᠢᠭ᠎ᠠ︔ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠲᠡᠶ ᠪᠤᠰᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠠᠶᠢᠭ᠎ᠠ ᠵᠡᠷᠭᠡ ᠪᠣᠢ᠃ | | | | ᠳᠤᠭᠤᠷᠢᠨ ᠪᠠᠶᠢᠴᠠᠭᠠᠬᠤ ᠳᠤᠭᠤᠶᠢᠯᠠᠩ ᠠᠴᠠ ᠱᠠᠭᠠᠷᠳ᠋ᠬᠠᠰᠡᠨ ᠨᠢ᠂ ᠪᠠᠶ᠋ᠬᠠᠦ᠋ᠡᠳᠣᠷ ᠰᠤᠮᠤ ᠶᠢᠨ ᠨᠠᠮ ᠤᠨ | ᠬᠤᠷᠢᠶ᠎ᠠ ᠬᠠᠷᠢᠭᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠴᠡᠭᠴᠡᠯᠡᠨ | ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠪᠣᠯᠤᠨ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠠᠰᠠᠭᠤᠳᠠᠯ ᠢ ᠨᠢᠭᠡᠳ ᠨᠢᠭᠡ ᠪᠠᠷ ᠲᠤᠭᠤᠰᠢᠲᠠᠶ ᠴᠡᠭᠴᠡᠯᠡᠨ | ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ ᠭᠡᠵᠡᠶ᠃ | ᠪᠠᠶ᠋ᠬᠠᠦ᠋ᠡᠳᠣᠷ ᠰᠤᠮᠤ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠳᠤ ᠪᠠᠨ᠂ | ᠬᠤᠷᠠᠯ ᠤᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠨᠵᠡᠭᠡᠶ ᠣᠶᠢᠯᠠᠭᠠᠬᠤ ᠶᠢᠨ | ᠬᠠᠮᠲᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠰᠤᠳᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠢ ᠴᠢᠩᠭ᠎ᠠ ᠠᠳᠬᠤᠬᠤ ᠪᠣᠯᠤᠨ᠎ᠠ᠃ ᠣᠪᠣᠷ ᠢᠶᠠᠨ ᠲᠥᠪ ᠪᠣᠯᠭᠠᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ | ᠴᠡᠭᠴᠠᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠪᠦᠬᠦ ᠲᠠᠯ᠎ᠠ ᠪᠠᠷ ᠬᠦᠯᠢᠶᠡᠨ ᠠᠪᠤᠨ᠎ᠠ︔ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ ᠨᠥᠬᠦᠭᠡ ᠶᠢ ᠵᠦᠢᠴᠢᠯᠡᠨ᠂ ᠥᠩᠭᠡ ᠦᠨᠳᠦᠰᠦ ᠶᠢ ᠨᠢ | ᠬᠠᠮᠲᠤᠳᠠ ᠳᠤ ᠨᠢ ᠵᠠᠰᠠᠨ᠎ᠠ︔ ᠤᠶᠠᠯᠳᠤᠭᠤᠯᠬᠤ ᠶᠢ ᠰᠠᠶᠢᠲᠤᠷ ᠠᠳᠬᠤᠵᠤ᠂ ᠬᠥᠲᠥᠯᠥᠨ ᠳᠠᠭᠠᠭᠤᠯᠬᠤ ᠶᠢ | ᠴᠢᠩᠭᠠᠳᠬᠠᠨ᠂ ᠴᠡᠭᠴᠠᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠬᠤᠪᠢᠷᠠᠭᠤᠯᠤᠨ᠎ᠠ︔ | ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠰᠤᠮᠤᠨ ᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ ︵ᠤᠷᠭᠤᠮᠠᠯ︶ |