2 ᠰᠠᠷ᠎ᠠ ᠶᠢᠨ 19 ᠤ ᠡᠳᠦᠷ᠂ ᠬᠤᠰᠢᠭᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ | ᠴᠠᠬᠢᠯᠭᠠᠨ ᠬᠦᠴᠦᠨ ᠤ ᠪᠠᠶᠢᠭᠤᠯᠤᠯᠲᠠ ᠶᠢᠨ ᠪᠦᠯᠦᠭᠯᠡᠯ ᠤᠨ ᠭᠦᠢᠶᠠᠩ ᠳᠠᠬᠢ ᠬᠠᠶᠢᠨ ᠬᠡᠮᠵᠢᠵᠦ ᠵᠢᠷᠤᠵᠤ ᠲᠥᠯᠥᠪᠯᠡᠬᠦ | ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠵᠣᠯᠭᠠᠭᠤᠯᠤᠨ ᠶᠠᠷᠢᠯᠴᠠᠬᠤ ᠬᠤᠷᠠᠯ ᠬᠢᠵᠦ᠂ ᠬᠤᠰᠢᠭᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ᠂ ᠳᠤᠮᠳᠠᠳᠤ | ᠤᠯᠤᠰ ᠤᠨ ᠴᠠᠬᠢᠯᠭᠠᠨ ᠬᠦᠴᠦᠨ ᠤ ᠪᠠᠶᠢᠭᠤᠯᠤᠯᠲᠠ ᠶᠢᠨ ᠪᠦᠯᠦᠭᠯᠡᠯ ᠤᠨ ᠭᠦᠢᠶᠠᠩ ᠳᠠᠬᠢ ᠬᠠᠶᠢᠨ ᠬᠡᠮᠵᠢᠵᠦ ᠵᠢᠷᠤᠵᠤ | ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠢᠨᠵᠧᠨᠧᠷᠢᠩ ᠤᠨ ᠬᠠᠶᠢᠨ | ᠪᠠᠶᠢᠴᠠᠭᠠᠯᠳᠠ ᠶᠢᠨ ᠬᠦᠷᠢᠶᠡᠯᠡᠩ ᠤᠨ ᠳᠠᠷᠤᠭ᠎ᠠ ᠵᠦ ᠳ᠋ᠠᠶ ᠴᠢᠶᠠᠩ ᠬᠤᠷᠠᠯ ᠳᠤ ᠣᠷᠣᠯᠴᠠᠵᠠᠶ᠃ | | | | ᠬᠤᠷᠠᠯ ᠳᠡᠭᠡᠷ᠎ᠡ᠂ ᠴᠧᠨ ᠬᠤ᠋ ᠨᠠᠨ ᠠᠷᠤ ᠬᠤᠷᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ᠂ | ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠪᠠᠶᠢᠳᠡᠯ ᠢ ᠨᠠᠷᠢᠯᠢᠭ ᠲᠠᠨᠢᠯᠴᠠᠭᠤᠯᠵᠤ᠂ | ᠭᠦᠢᠶᠠᠩ ᠳᠠᠬᠢ ᠬᠠᠶᠢᠨ ᠬᠡᠮᠵᠢᠵᠦ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠨ ᠠᠵᠤ | ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ᠂ ᠪᠠᠯᠠ ᠣᠷᠣᠭᠤᠯᠤᠯᠲᠠ ᠶᠢᠨ ᠴᠢᠭᠯᠡᠯ᠂ ᠮᠡᠷᠭᠡᠵᠢᠯ ᠤᠨ | ᠰᠤᠳᠤᠯᠤᠨ ᠨᠡᠭᠡᠭᠡᠯᠲᠡ ᠵᠡᠷᠭᠡ ᠪᠠᠶᠢᠳᠡᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠴᠡᠪᠡᠷ ᠡᠨᠧᠷᠭᠢ ᠤᠨ | ᠰᠤᠷᠪᠤᠯᠵᠢ᠂ ᠣᠰᠤᠨ ᠠᠰᠢᠭᠯᠠᠯᠲᠠ ᠤᠰᠤ ᠴᠠᠬᠢᠯᠭᠠᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ᠂ ᠣᠷᠴᠢᠨ | ᠲᠣᠭᠤᠷᠢᠨ ᠤ ᠵᠠᠰᠠᠯᠲᠠ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠠᠶ᠃ | | | | ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠵᠦ ᠳ᠋ᠠᠶ | ᠴᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ | ᠢᠯᠡᠷᠬᠡᠶᠢᠯᠡᠬᠦ ᠳᠡᠭᠡᠨ᠂ ᠭᠦᠢᠶᠠᠩ ᠳᠠᠬᠢ ᠬᠠᠶᠢᠨ ᠬᠡᠮᠵᠢᠵᠦ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠨᠢ | ᠳᠡᠯᠡᠬᠡᠶ ᠶᠢᠨ 500 ᠬᠦᠴᠦᠷᠬᠡᠭ ᠠᠵᠤ ᠠᠬᠤᠶᠢᠯᠠᠯ ᠤᠨ ᠨᠢᠭᠡ ᠪᠣᠯᠬᠤ ᠳᠤᠮᠳᠠᠳᠤ ᠤᠯᠤᠰ ᠤᠨ ᠴᠠᠬᠢᠯᠭᠠᠨ | ᠬᠦᠴᠦᠨ ᠤ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠵᠤ᠂ ᠲᠤᠰᠬᠠᠶ | ᠮᠡᠷᠭᠡᠵᠢᠯ ᠤᠨ ᠳᠠᠪᠠᠭᠤᠯᠢᠭ ᠲᠣᠪᠣᠶᠢᠮ᠎ᠡ᠂ ᠲᠤᠬᠠᠶᠢᠯᠠᠭᠰᠠᠨ ᠠᠵᠢᠯ ᠤᠨ ᠪᠠᠶᠢᠷᠢᠰᠢᠯ ᠥᠷᠭᠡᠨ ᠳᠡᠯᠭᠡᠷ᠂ ᠵᠠᠬ᠎ᠠ | ᠳᠡᠯᠭᠡᠭᠦᠷ ᠤᠨ ᠨᠥᠯᠥᠭᠡᠯᠡᠬᠦ ᠬᠦᠴᠦᠨ ᠪᠠ ᠥᠷᠢᠰᠥᠯᠳᠦᠬᠦ ᠬᠦᠴᠦᠨ ᠮᠠᠰᠢ ᠴᠢᠩᠭ᠎ᠠ ᠪᠠᠶᠢᠳᠠᠭ᠃ ᠬᠤᠶᠠᠷ | ᠲᠠᠯ᠎ᠠ ᠪᠠᠷ ᠢᠶᠠᠨ ᠲᠤᠰ ᠤᠳᠠᠭ᠎ᠠ ᠶᠢᠨ ᠰᠣᠯᠢᠯᠴᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ | ᠠᠬᠤᠶᠢᠯᠠᠯ ᠤᠨ ᠪᠣᠳᠠᠲᠤ ᠬᠦᠴᠦᠨ ᠪᠣᠯᠤᠨ ᠣᠷᠣᠨ ᠨᠤᠲᠤᠭ ᠤᠨ ᠦᠨᠳᠦᠰᠦ ᠰᠠᠭᠤᠷᠢ ᠶᠢ ᠭᠦᠢᠴᠡᠣᠨ | ᠤᠶᠠᠯᠳᠤᠭᠤᠯᠤᠨ᠂ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠣᠡᠬᠦ᠂ ᠤᠰᠤ ᠲᠠᠲᠠᠵᠤ ᠡᠨᠧᠷᠭᠢ ᠬᠠᠳᠠᠭᠠᠯᠠᠬᠤ᠂ | ᠰᠠᠭᠤᠷᠢ ᠲᠥᠬᠦᠭᠡᠷᠦᠮᠵᠢ᠂ ᠠᠭᠤᠷᠬᠠᠶ ᠶᠢᠨ ᠵᠠᠰᠠᠯᠲᠠ ᠵᠡᠷᠭᠡ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠵᠣᠯᠭᠠᠯᠴᠠᠭ᠎ᠠ | ᠥᠷᠨᠢᠭᠦᠯᠵᠦ᠂ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠣᠨ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ | ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | | | | ᠵᠦ ᠳ᠋ᠠᠶ ᠴᠢᠶᠠᠩ ᠢᠯᠡᠷᠬᠡᠶᠢᠯᠡᠬᠦ ᠳᠡᠭᠡᠨ᠂ ᠠᠷᠤ ᠬᠤᠷᠴᠢᠨ ᠬᠤᠰᠢᠭᠤᠨ ᠤ ᠡᠬᠢ ᠪᠠᠶᠠᠯᠢᠭ ᠳᠠᠪᠠᠭᠤᠯᠢᠭ | ᠰᠠᠶᠢᠨ᠂ ᠠᠵᠤ ᠦᠢᠯᠡᠰ ᠤᠨ ᠰᠠᠭᠤᠷᠢ ᠪᠠᠲᠤ ᠪᠠᠬᠢ ᠪᠠᠶᠢᠵᠤ᠂ ᠭᠦᠢᠶᠠᠩ ᠳᠠᠬᠢ ᠬᠠᠶᠢᠨ ᠬᠡᠮᠵᠢᠵᠦ ᠵᠢᠷᠤᠵᠤ | ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠬᠦ ᠬᠡᠮᠵᠢᠶ᠎ᠡ ᠪᠠᠷ ᠥᠨᠳᠥᠷ᠂ | ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ ᠪᠠᠶᠢᠳᠠᠭ᠂ ᠺᠣᠮᠫᠠᠨᠢ ᠶᠢᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠣᠨ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠨᠡᠶᠢᠯᠡᠯᠳᠡ ᠶᠢᠨ ᠴᠡᠭ᠂ ᠬᠦᠴᠦᠯᠡᠬᠦ ᠴᠠᠭ ᠢ | ᠤᠯᠠᠮ ᠴᠢᠨᠠᠭᠰᠢᠲᠠ ᠣᠨᠣᠪᠴᠢᠲᠠᠶ ᠣᠯᠵᠤ᠂ ᠨᠠᠩ ᠣᠯᠠᠨ ᠰᠢᠯᠢᠳᠡᠭ ᠲᠥᠷᠥᠯ ᠵᠦᠢᠯ ᠢ ᠪᠣᠳᠠᠲᠠᠶ ᠳᠤ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠭᠠᠷ ᠬᠤᠯᠪᠣᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠶ | ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠳᠤ ᠲᠥᠪ ᠤᠨ ᠠᠵᠤ ᠠᠬᠤᠶᠢᠯᠠᠯ ᠤᠨ ᠬᠦᠴᠦᠨ ᠴᠢᠳᠠᠯ ᠢᠶᠠᠨ | ᠨᠡᠮᠡᠷᠢᠯᠡᠨ᠎ᠡ ᠭᠡᠵᠡᠶ᠃ | | | | ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠢᠴᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠶᠢᠭᠤᠯᠤᠯᠲᠠ ᠶᠢᠨ ᠪᠦᠯᠦᠭᠯᠡᠯ ᠤᠨ ᠭᠦᠢᠶᠠᠩ ᠳᠠᠬᠢ ᠬᠠᠶᠢᠨ | ᠬᠡᠮᠵᠢᠵᠦ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ︵ᠤᠷᠭᠤᠮᠠᠯ︶ |