2 ᠰᠠᠷ᠎ᠠ ᠶᠢᠨ 19 - 20 ᠤ ᠡᠳᠦᠷ ᠪᠣᠯᠲᠠᠯ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ | ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠨᠢᠭᠡᠳᠦᠭᠡᠷ ᠳᠤᠭᠤᠷᠢᠨ ᠪᠠᠶᠢᠴᠠᠭᠠᠬᠤ ᠲᠣᠭᠤᠶᠢᠯᠠᠩ ᠬᠤᠰᠢᠭᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠢ | ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠪᠠ᠃ | | | | ᠬᠤᠰᠢᠭᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠠᠴᠠ ᠲᠤᠰ ᠲᠤᠰ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠲᠤ ᠳᠤᠭᠤᠷᠢᠨ ᠪᠠᠶᠢᠴᠠᠭᠠᠭᠰᠠᠨ ᠪᠠᠶᠢᠳᠡᠯ ᠢᠶᠠᠨ ᠬᠠᠷᠢᠭᠤ ᠲᠤᠰᠬᠠᠪᠠ᠃ | ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠤᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠡᠯ᠎ᠡ ᠨᠢᠭᠡᠴᠡ ᠶᠢᠨ ᠬᠢᠨ ᠬᠠᠷᠢᠭᠤ | ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤ ᠲᠤᠰᠬᠠᠭᠰᠠᠨ ᠰᠠᠨᠠᠯ ᠢ ᠨᠠᠷᠢᠨ | ᠬᠢᠨᠠᠮᠠᠭᠠᠶ ᠰᠤᠳᠤᠯᠵᠤ᠂ ᠨᠠᠷᠢᠨ ᠨᠢᠮᠪᠠᠶ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠨ᠂ ᠠᠰᠠᠭᠤᠳᠠᠯ ᠤᠨ | ᠨᠠᠷᠢᠨ ᠳᠠᠩᠰᠠ ᠶᠢᠨ ᠶᠣᠰᠣᠭᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠤᠬᠠᠮᠰᠠᠷ ᠠᠴᠠ ᠪᠠᠨ | ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ | ᠮᠡᠳᠡᠭᠦᠯᠵᠦ᠂ ᠴᠢᠩᠭ᠎ᠠ ᠨᠢᠮᠪᠠᠶ ᠣᠪᠣᠷ ᠢᠶᠠᠷ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ | ᠬᠡᠷᠡᠭᠲᠡᠶ ᠭᠡᠪᠡ᠃ | | | | ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠳᠡᠭᠡᠨ ᠳᠤᠭᠤᠷᠢᠨ ᠪᠠᠶᠢᠴᠠᠭᠠᠬᠤ ᠲᠣᠭᠤᠶᠢᠯᠠᠩ ᠤᠨ ᠬᠠᠷᠢᠭᠤ | ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ ᠪᠥᠬᠦ ᠲᠠᠯ᠎ᠠ ᠪᠠᠷ ᠬᠦᠯᠢᠶᠡᠨ ᠠᠪᠤᠨ᠎ᠠ︔ ᠤᠯᠤᠰ ᠲᠥᠷᠥ ᠶᠢᠨ | ᠵᠣᠭᠰᠣᠴᠠ ᠪᠠᠨ ᠡᠷᠡᠰ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠡᠵᠡᠭᠡᠶᠢᠷᠡᠭᠦᠯᠤᠨ᠂ ᠳᠡᠭᠡᠳᠦ | ᠬᠡᠮᠵᠢᠶᠡᠨ ᠤ ᠤᠬᠠᠮᠰᠠᠷ ᠢᠶᠠᠷ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠠᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠠᠳᠬᠤᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠪᠠᠷᠢᠨ | ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠠᠷᠢᠮᠵᠢᠶᠠᠯᠠᠨ ᠬᠠᠷᠭᠤᠭᠤᠯᠵᠤ ᠵᠦᠢᠯ ᠳᠠᠷᠠᠭᠠᠯᠠᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ︔ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠣᠯ ᠢᠶᠠᠷ ᠲᠣᠭᠤᠷᠢᠨ | ᠪᠠᠶᠢᠴᠠᠭᠠᠵᠤ ᠴᠡᠭᠴᠠᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠪᠣᠯᠤᠨ᠎ᠠ | ᠭᠡᠪᠡ᠃ ︵ᠯᠢᠦ ᠰᠢᠨ ᠲᠢᠩ᠂ ᠵᠣᠤ ᠶᠠ ᠨᠠᠨ᠂ ᠴᠡᠯᠮᠡᠭ︶ | | |