ᠣᠷᠴᠢᠮ ᠤᠨ ᠵᠢᠯ ᠳᠤ᠂ ᠬᠤᠰᠢᠭᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ | ᠲᠥᠪ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠵᠣᠷᠢᠭᠲᠠᠶ ᠪᠠᠷ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ | ᠪᠠᠳᠠᠷᠠᠭᠤᠯᠬᠤ ᠶᠢ ᠪᠠᠷᠢᠮᠲᠠᠯᠠᠨ᠂ ︽ᠨᠡᠶᠢᠭᠡᠮ ᠤᠨ ᠳᠠᠭᠠᠳᠬᠠᠯ ᠪᠠᠩᠬᠢ ᠶᠢ ᠬᠠᠮᠲᠤ ᠪᠠᠷ ᠪᠠᠶᠢᠭᠤᠯᠬᠤ︾ ᠵᠠᠭᠪᠤᠷ ᠢ | ᠦᠷᠭᠦᠯᠵᠢᠯᠡᠨ ᠠᠬᠢᠭᠤᠯᠵᠤ᠂ ᠪᠠᠩᠬᠢ ᠶᠢᠨ ᠪᠠᠶᠢᠭᠤᠯᠤᠮᠵᠢ ᠲᠠᠢ ᠭᠠᠷ ᠬᠤᠯᠪᠣᠨ᠂ ᠨᠡᠶᠢᠭᠡᠮ ᠤᠨ ᠳᠠᠭᠠᠳᠬᠠᠯ ᠤᠨ | ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠵᠦ᠂ ᠠᠷᠠᠳ ᠲᠤ ᠳᠥᠭᠦᠮ ᠦᠵᠡᠭᠦᠯᠬᠦ | ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠴᠣᠮᠣᠷᠯᠢᠭ ᠢ ᠪᠠᠶᠢᠭᠤᠯᠣᠨ᠂ ᠨᠡᠶᠢᠭᠡᠮ ᠤᠨ ᠳᠠᠭᠠᠳᠬᠠᠯ ᠢ ᠨᠠᠩ | ᠠᠷᠠᠳ ᠲᠤ ᠠᠰᠢᠭᠲᠠᠶ᠂ ᠠᠷᠠᠳ ᠲᠤ ᠲᠥᠬᠦᠮ ᠦᠵᠡᠭᠦᠯᠬᠦ ᠪᠣᠯᠭᠠᠪᠠ᠃ | | | | ︽ᠨᠡᠶᠢᠭᠡᠮ ᠤᠨ ᠳᠠᠭᠠᠳᠬᠠᠯ ᠪᠠᠩᠬᠢ ᠶᠢ ᠬᠠᠮᠲᠤ ᠪᠠᠷ ᠪᠠᠶᠢᠭᠤᠯᠬᠤ︾ ᠵᠠᠭᠪᠤᠷ ᠤᠨ ᠳᠤᠤᠷ᠎ᠠ᠂ ᠬᠤᠰᠢᠭᠤᠨ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠠᠮᠲᠤᠷᠠᠯᠴᠠᠭᠠᠨ ᠤ ᠬᠡᠪᠴᠢᠶ᠎ᠡ ᠪᠠᠨ | ᠥᠷᠭᠡᠳᠬᠡᠵᠦ᠂ ᠪᠠᠩᠬᠢ ᠶᠢᠨ ᠲᠤᠤᠷ ᠴᠡᠭ ᠣᠯᠠᠨ᠂ ᠲᠠᠷᠬᠠᠯᠲᠠ ᠥᠷᠭᠡᠨ᠂ ᠲᠥᠬᠦᠭᠡᠷᠦᠮᠵᠢ ᠪᠦᠷᠢᠨ ᠵᠡᠷᠭᠡ | ᠳᠠᠪᠠᠭᠤᠯᠢᠭ ᠲᠤ ᠲᠦᠰᠢᠭᠯᠡᠨ᠂ ᠬᠤᠰᠢᠭᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠪᠦᠲᠦᠭᠡᠨ | ᠪᠠᠶᠢᠭᠤᠯᠤᠯᠲᠠ ᠶᠢᠨ ᠪᠠᠩᠬᠢ ᠲᠠᠷᠢᠶᠠᠯᠠᠩ ᠤᠨ ᠪᠠᠩᠬᠢ ᠲᠠᠢ ︽ᠨᠡᠶᠢᠭᠡᠮ ᠤᠨ ᠳᠠᠭᠠᠳᠬᠠᠯ ᠪᠠᠩᠬᠢ ᠶᠢ ᠨᠢᠭᠡ | ᠴᠣᠭᠴᠠᠵᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ︽ᠨᠡᠶᠢᠭᠡᠮ ᠤᠨ ᠳᠠᠭᠠᠳᠬᠠᠯ ᠪᠠᠩᠬᠢ ᠶᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡᠨ ᠤ ᠲᠤᠰᠬᠠᠶ ᠣᠷᠣᠨ︾ ᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ | ᠠᠵᠤ ᠠᠬᠤᠶᠢᠯᠠᠯ ᠪᠠ ᠣᠯᠠᠨ ᠲᠦᠮᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠨᠠᠰᠤᠵᠢᠯ ᠤᠨ | ᠠᠰᠠᠷᠠᠮᠵᠢ ᠶᠢᠨ ᠮᠥᠩᠭᠦ ᠠᠪᠤᠭᠰᠠᠨ ᠬᠥᠮᠦᠰ ᠤᠨ ᠣᠯᠭᠤᠮᠵᠢ ᠬᠢᠷᠢ ᠬᠡᠮ ᠤᠨ ᠭᠡᠷᠡᠴᠢᠯᠡᠯ ᠵᠡᠷᠭᠡ 13 ᠵᠦᠢᠯ ᠤᠨ | ᠨᠡᠶᠢᠭᠡᠮ ᠤᠨ ᠳᠠᠭᠠᠳᠬᠠᠯ ᠤᠨ ᠲᠣᠬᠠᠶᠢᠯᠬᠠᠰᠡᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠂ ᠠᠰᠠᠭᠤᠨ ᠯᠠᠪᠯᠠᠬᠤ | ᠵᠡᠷᠭᠡ ᠦᠢᠯᠡᠴᠢᠯᠡᠭᠡ ᠬᠠᠩᠭᠠᠨ᠎ᠠ᠃ ᠣᠳᠣ ᠪᠣᠯᠲᠠᠯ᠎ᠠ᠂ ᠪᠦᠬᠦ ᠬᠤᠰᠢᠭᠤᠨ ᠤ ᠭᠤᠤᠯ ᠬᠤᠲᠠ ᠲᠣᠭᠤᠷᠢᠭ ᠪᠠ 14 | ᠰᠤᠮᠤ ᠰᠢᠶᠠᠩ ᠪᠠᠯᠭᠠᠰᠤᠨ ᠳᠤ ︽ᠨᠡᠶᠢᠭᠡᠮ ᠤᠨ ᠳᠠᠭᠠᠳᠬᠠᠯ ᠪᠠᠩᠬᠢ ᠶᠢ ᠨᠢᠭᠡ ᠴᠣᠭᠴᠠᠵᠢᠭᠤᠯᠤᠭᠰᠠᠨ | ᠦᠢᠯᠡᠴᠢᠯᠡᠭᠡᠨ ᠤ ᠲᠤᠰᠬᠠᠶ ᠣᠷᠣᠨ︾ ᠢ 34 ᠭᠠᠷᠭᠠᠪᠠ᠃ | | | | ᠬᠤᠰᠢᠭᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠢᠨ ᠥᠨᠳᠥᠷ | ᠨᠠᠰᠤᠲᠠᠶ᠂ ᠭᠡᠷ ᠲᠡᠭᠡᠨ ᠬᠤᠴᠣᠷᠤᠭᠰᠠᠳ᠂ ᠡᠪᠡᠳᠴᠢᠨ ᠡᠮᠭᠡᠭ ᠲᠠᠢ᠂ ᠬᠥᠳᠡᠯᠵᠦ ᠪᠠᠷᠢᠬᠤ ᠳᠤ ᠳᠥᠭᠦᠮ ᠦᠬᠡᠶ | ᠵᠡᠷᠭᠡ ᠣᠨᠴᠠᠭᠠᠶ ᠮᠠᠯᠴᠢᠳ ᠲᠤ ᠴᠢᠭᠯᠡᠭᠦᠯᠦᠨ ︽ᠮᠣᠷᠢᠨ ᠨᠢᠷᠤᠭᠤᠨ ᠳᠡᠭᠡᠷᠡᠬᠢ ᠨᠡᠶᠢᠭᠡᠮ ᠤᠨ ᠳᠠᠭᠠᠳᠬᠠᠯ︾ ᠤᠨ | ᠦᠢᠯᠡᠴᠢᠯᠡᠭᠡ ᠶᠢᠨ ᠰᠢᠨ᠎ᠡ ᠶᠢ ᠡᠭᠦᠳᠪᠡ᠂ ᠠᠵᠢᠯᠲᠠᠳ ᠮᠣᠷᠢ ᠤᠨᠤᠬᠤ ᠪᠤᠶᠤ ᠮᠣᠲ᠋ᠣᠷ ᠲᠡᠷᠭᠡ ᠪᠠᠷ ᠮᠠᠯᠴᠢᠳ ᠤᠨ | ᠨᠡᠭᠦᠳᠡᠯ ᠤᠨ ᠱᠤᠭᠤᠮ ᠢ ᠳᠠᠭᠠᠵᠤ᠂ ᠮᠠᠯᠴᠢᠳ ᠲᠤ ᠨᠡᠶᠢᠭᠡᠮ ᠤᠨ ᠳᠠᠭᠠᠳᠬᠠᠯ ᠤᠨ ᠲᠣᠬᠠᠶᠢᠯᠬᠠᠰᠡᠨ ᠠᠵᠢᠯ ᠢ | ᠭᠠᠷᠲᠠᠨ ᠬᠢᠵᠦ ᠥᠭᠭᠦᠨ᠎ᠡ᠃ ᠣᠳᠣ ᠪᠣᠯᠲᠠᠯ᠎ᠠ᠂ ︽ᠮᠣᠷᠢᠨ ᠨᠢᠷᠤᠭᠤᠨ ᠳᠡᠭᠡᠷᠡᠬᠢ ᠨᠡᠶᠢᠭᠡᠮ ᠤᠨ ᠳᠠᠭᠠᠳᠬᠠᠯ︾ ᠢᠶᠠᠷ | ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠭᠡᠮ ᠤᠨ ᠭᠡᠷᠡᠴᠢᠯᠡᠯ ᠬᠢᠭᠰᠡᠨ | 562 ᠬᠥᠮᠦᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠣᠡᠭᠡᠯ ᠲᠤᠰᠢᠶᠠᠭᠰᠠᠨ ᠬᠥᠮᠦᠨ ᠤ ᠲᠤᠭ᠎ᠠ | 263 ᠬᠦᠷᠴᠦ᠂ ᠨᠡᠶᠢᠭᠡᠮ ᠤᠨ ᠳᠠᠭᠠᠳᠬᠠᠯ ᠤᠨ ᠺᠠᠷᠲ 165 ᠶᠢ ᠦᠢᠯᠡᠳᠤᠨ ᠲᠠᠷᠬᠠᠭᠠᠭᠰᠠᠨ ᠪᠠᠶᠢᠨ᠎ᠠ᠃ | | | | ᠬᠤᠰᠢᠭᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ︽ᠨᠢᠭᠡ ᠶᠠᠪᠤᠳᠠᠯ︾ | ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠨᠢᠭᠡ ᠴᠣᠩᠬᠤ ᠪᠠᠷ ᠬᠦᠯᠢᠶᠡᠨ ᠠᠪᠴᠤ | ᠰᠢᠢᠳᠪᠦᠷᠢᠯᠡᠬᠦ᠂ ᠲᠥᠪᠯᠡᠷᠡᠩᠭᠦᠶ ᠭᠦᠢᠴᠡᠣᠡᠭᠡᠬᠦ ᠦᠢᠯᠡᠴᠢᠯᠡᠭᠡ︾ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ | ᠣᠯᠠᠨ ᠲᠤᠬᠠᠶᠢᠯᠠᠭᠰᠠᠨ ᠠᠵᠢᠯ ᠤᠨ ᠴᠣᠩᠬᠤ ᠶᠢ ᠨᠡᠶᠢᠳᠬᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ | ᠪᠣᠯᠭᠠᠵᠤ᠂ ︽ᠨᠢᠭᠡ ᠡᠭᠦᠳᠡ ᠨᠢᠭᠡ ᠴᠣᠩᠬᠤ ᠪᠠᠷ ᠣᠯᠠᠨ ᠶᠠᠪᠤᠳᠠᠯ ᠢ ᠪᠦᠲᠦᠭᠡᠬᠦ︾ ᠶᠢ ᠪᠡᠶᠡᠯᠡᠭᠦᠯᠵᠦ᠂ ᠬᠠᠮᠤᠭ ᠤᠨ | ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠳᠥᠭᠦᠮ ᠦᠵᠡᠭᠦᠯᠬᠦ ᠪᠣᠯᠭᠠᠭᠰᠠᠨ ᠪᠠᠶᠢᠨ᠎ᠠ᠃ | ᠣᠳᠣ ᠪᠣᠯᠲᠠᠯ᠎ᠠ᠂ 78 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠯᠢᠳᠡᠭᠵᠢᠭᠦᠯᠵᠦ᠂ | ᠠᠵᠢᠯ ᠶᠠᠪᠤᠳᠠᠯ ᠭᠦᠢᠴᠡᠣᠡᠭᠡᠬᠦ ᠣᠯᠠᠨ ᠲᠦᠮᠡᠨ ᠳᠤ ᠨᠠᠩ ᠲᠦᠷᠭᠡᠨ ᠢᠶᠠᠷ ᠬᠡᠷᠡᠭᠴᠡᠭᠡ ᠲᠠᠢ ᠦᠢᠯᠡᠴᠢᠯᠡᠭᠡ | ᠬᠠᠩᠭᠠᠬᠤ ᠶᠢ ᠪᠡᠶᠡᠯᠡᠭᠦᠯᠪᠡ᠃ | | | | ︽ᠨᠡᠶᠢᠭᠡᠮ ᠤᠨ ᠳᠠᠭᠠᠳᠬᠠᠯ ᠪᠠᠩᠬᠢ ᠶᠢ ᠬᠠᠮᠲᠤ ᠪᠠᠷ ᠪᠠᠶᠢᠭᠤᠯᠬᠤ︾ ᠵᠠᠭᠪᠤᠷ ᠢ ᠬᠡᠷᠡᠭᠵᠢᠭᠦᠯᠦᠭᠰᠡᠨ ᠢᠶᠠᠷ | ᠬᠤᠰᠢᠭᠤᠨ ᠤ ᠬᠢᠵᠠᠭᠠᠷ ᠳᠣᠲᠣᠷᠠᠬᠢ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠠᠩ | ᠨᠢᠭᠲᠠ᠂ ᠨᠠᠩ ᠪᠦᠷᠢᠨ ᠲᠡᠭᠦᠯᠳᠡᠷ ᠪᠣᠯᠭᠠᠵᠠᠶ᠃ ᠨᠡᠶᠢᠭᠡᠮ ᠤᠨ ᠳᠠᠭᠠᠳᠬᠠᠯ ᠤᠨ ᠰᠠᠯᠠᠭ᠎ᠠ ᠮᠥᠴᠢᠷ ᠪᠠ ᠪᠠᠩᠬᠢ ᠶᠢᠨ | ᠪᠠᠶᠢᠭᠤᠯᠤᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠ ᠤᠷᠲᠤᠳᠬᠠᠨ ᠥᠷᠭᠡᠳᠬᠡᠬᠦ ᠶᠢ ᠪᠡᠶᠡᠯᠡᠭᠦᠯᠵᠦ᠂ ᠣᠯᠠᠨ | ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶᠢᠳᠡᠢ ᠨᠡᠶᠢᠭᠡᠮ ᠤᠨ ᠳᠠᠭᠠᠳᠬᠠᠯ ᠤᠨ | ᠦᠢᠯᠡᠴᠢᠯᠡᠭᠡ ᠶᠢ ᠬᠠᠩᠭᠠᠪᠠ᠃ ᠬᠤᠶᠢᠰᠢᠳᠡ ᠬᠤᠰᠢᠭᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠨᠢ ︽ᠨᠡᠶᠢᠭᠡᠮ ᠤᠨ ᠳᠠᠭᠠᠳᠬᠠᠯ ᠪᠠᠩᠬᠢ ᠶᠢ ᠬᠠᠮᠲᠤ ᠪᠠᠷ ᠪᠠᠶᠢᠭᠤᠯᠬᠤ︾ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠡᠵᠡᠭᠡᠶᠢᠷᠡᠭᠦᠯᠵᠤ᠂ ᠦᠢᠯᠡᠴᠢᠯᠡᠭᠡᠨ ᠤ ᠠᠭᠤᠯᠭ᠎ᠠ ᠪᠠ ᠠᠷᠭ᠎ᠠ ᠮᠠᠶ᠋ᠢᠭ ᠢᠶᠠᠨ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠴᠢᠨᠠᠷ ᠰᠠᠶᠢᠳᠡᠢ | ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠨᠠᠩ ᠶᠡᠭᠡ ᠬᠤᠪᠢ | ᠨᠡᠮᠡᠷᠢ ᠪᠠᠨ ᠦᠵᠡᠭᠦᠯᠬᠦ ᠪᠣᠯᠤᠨ᠎ᠠ᠃ ︵ᠴᠡᠯᠮᠡᠭ︶ | | |