ᠠᠷᠤ ᠬᠤᠷᠴᠢᠨ ᠬᠤᠰᠢᠭᠤᠨ ᠤ ︽ᠮᠧᠩ ᠲᠢᠶᠠᠨ ᠨᠠᠷᠢᠮᠤ︾ ᠫᠠᠨᠠᠮᠠ ᠶᠢᠨ ᠨᠣᠮᠣᠬᠠᠨ ᠳᠠᠯᠠᠢ ᠶᠢᠨ ᠣᠯᠠᠨ ᠤᠯᠤᠰ ᠤᠨ ᠦᠵᠡᠰᠬᠦᠯᠡᠩ ᠳᠤ ᠠᠯᠲᠠᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2025/2/25
       ᠣᠶᠢᠷ᠎ᠠ ᠳᠤ᠂ 109 ᠳ᠋ᠤᠭᠡᠷ ᠬᠤᠭᠤᠴᠠᠭᠠᠨ ᠤ ᠠᠮᠧᠷᠢᠺᠠ ᠫᠠᠨᠠᠮᠠ ᠶᠢᠨ ᠨᠣᠮᠣᠬᠠᠨ ᠳᠠᠯᠠᠢ ᠶᠢᠨ ᠣᠯᠠᠨ ᠤᠯᠤᠰ ᠤᠨ ᠦᠵᠡᠰᠬᠦᠯᠡᠩ ︵ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ︶ ᠤᠨ ᠱᠠᠩᠨᠠᠯ ᠣᠯᠭᠤᠬᠤ ᠶᠣᠰᠣᠯᠠᠯ ᠪᠣᠯᠤᠨ ᠠᠷᠪᠠᠨ ᠨᠢᠭᠡᠳᠦᠭᠡᠷ ᠬᠤᠭᠤᠴᠠᠭᠠᠨ ᠤ ᠳᠡᠯᠡᠬᠡᠶ ᠶᠢᠨ ᠳᠤᠮᠳᠠᠳᠤ ᠶᠢᠨ ᠬᠤᠳᠠᠯᠳᠤᠭᠠᠴᠢᠳ ᠤᠨ ᠶᠠᠷᠢᠶᠠᠨ ᠤ ᠲᠠᠪᠴᠠᠩ ᠲᠠᠢ ᠤᠯᠤᠰ ᠤᠨ ᠪᠠᠩᠺᠣᠺ ᠲᠤ ᠶᠠᠪᠤᠭᠳᠠᠵᠤ᠂ ᠠᠷᠤ ᠬᠤᠷᠴᠢᠨ ᠬᠤᠰᠢᠭᠤᠨ ᠤ ︽ᠮᠧᠩ ᠲᠢᠶᠠᠨ ᠨᠠᠷᠢᠮᠤ︾ ᠦᠵᠡᠰᠬᠦᠯᠡᠩ ᠤᠨ ᠪᠦᠲᠦᠭᠡᠭᠳᠡᠬᠦᠨ ᠤ ᠰᠢᠯᠭᠠᠷᠠᠭᠤᠯᠤᠯᠲᠠ ᠳᠤ ᠠᠯᠳᠠᠨ ᠱᠠᠩᠨᠠᠯ ᠬᠦᠷᠲᠡᠪᠡ᠃
       ᠲᠤᠰ ᠤᠳᠠᠭᠠᠨ ᠤ ᠦᠵᠡᠰᠬᠦᠯᠡᠩ ᠨᠢ ᠳᠤᠮᠳᠠᠳᠤ ᠤᠯᠤᠰ ᠤᠨ ᠮᠠᠰᠢ ᠣᠯᠠᠨ ᠰᠢᠯᠢᠳᠡᠭ ᠨᠠᠷᠡᠲᠤ ᠲᠡᠮᠳᠡᠭᠲᠦ ᠳᠤ ᠪᠣᠳᠠᠲᠤ ᠬᠦᠴᠦᠨ ᠪᠠ ᠥᠪᠡᠷᠮᠢᠴᠡ ᠣᠨᠴᠠᠯᠢᠭ ᠢᠶᠠᠨ ᠳᠡᠯᠡᠬᠡᠶ ᠶᠢᠨ ᠣᠯᠠᠨ ᠤᠯᠤᠰ ᠲᠤ ᠳᠡᠯᠭᠡᠨ ᠦᠵᠡᠭᠦᠯᠬᠦ ᠳᠡᠭᠡᠳᠦ ᠳᠡᠰ ᠤᠨ ᠲᠠᠪᠴᠠᠩ ᠬᠠᠩᠭᠠᠪᠠ᠃ ᠠᠷᠤ ᠬᠤᠷᠴᠢᠨ ᠬᠤᠰᠢᠭᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ ᠠᠴᠠ ᠰᠣᠩᠭᠤᠨ ᠬᠦᠷᠭᠡᠵᠦ᠂ ᠠᠷᠤ ᠬᠤᠷᠴᠢᠨ ᠬᠤᠰᠢᠭᠤᠨ ᠤ ᠮᠧᠩ ᠲᠢᠶᠠᠨ ᠠᠮᠤ ᠲᠣᠰᠣᠨ ᠤ ᠬᠢᠵᠠᠭᠠᠷᠲᠤ ᠺᠣᠮᠫᠠᠨᠢ ᠭᠤᠶᠤᠴᠢᠯᠠᠨ ᠮᠡᠳᠡᠭᠦᠯᠦᠭᠰᠡᠨ ︽ᠮᠧᠩ ᠲᠢᠶᠠᠨ︾ ᠲᠡᠮᠳᠡᠭᠲᠦ ᠨᠠᠷᠢᠮᠤ ᠨᠢ 2024 ᠣᠨ ᠤ 109 ᠳ᠋ᠦ᠋ᠭᠡᠷ ᠬᠤᠭᠤᠴᠠᠭᠠᠨ ᠤ ᠠᠮᠧᠷᠢᠺᠠ ᠫᠠᠨᠠᠮᠠ ᠶᠢᠨ ᠨᠣᠮᠣᠬᠠᠨ ᠳᠠᠯᠠᠢ ᠶᠢᠨ ᠣᠯᠠᠨ ᠤᠯᠤᠰ ᠤᠨ ᠦᠵᠡᠰᠬᠦᠯᠡᠩ ᠤᠨ ᠵᠣᠬᠢᠶᠠᠨ ᠪᠠᠶᠢᠭᠤᠯᠬᠤ ᠺᠣᠮᠢᠰ ᠤᠨ ᠰᠢᠯᠭᠠᠷᠠᠭᠤᠯᠬᠤ ᠺᠣᠮᠢᠰ ᠤᠨ ᠡᠴᠦᠰ ᠤᠨ ᠰᠢᠯᠭᠠᠷᠠᠭᠤᠯᠤᠯᠲᠠ ᠪᠠᠷ ᠳᠡᠮᠵᠢᠵᠦ᠂ ᠦᠵᠡᠰᠬᠦᠯᠡᠩ ᠳᠤ ᠣᠷᠣᠯᠴᠠᠭᠰᠠᠨ ᠮᠠᠰᠢ ᠣᠯᠠᠨ ᠪᠦᠲᠦᠭᠡᠭᠳᠡᠬᠦᠨ ᠤ ᠳᠤᠮᠳᠠ ᠠᠴᠠ ᠴᠣᠯᠭᠤᠷᠠᠨ ᠭᠠᠷᠴᠤ ᠠᠯᠳᠠᠨ ᠱᠠᠩᠨᠠᠯ ᠬᠦᠷᠲᠡᠨ᠂ ᠠᠷᠤ ᠬᠤᠷᠴᠢᠨ ᠬᠤᠰᠢᠭᠤᠨ ᠤ ᠨᠠᠷᠢᠮᠦ ᠭᠡᠬᠦ ᠡᠨᠡᠬᠦ ᠭᠠᠵᠠᠷ ᠵᠦᠶ ᠶᠢᠨ ᠢᠯᠡᠷᠬᠡᠶᠢᠯᠡᠯᠲᠤ ᠪᠦᠲᠦᠭᠡᠭᠳᠡᠬᠦᠨ ᠳᠤ ᠣᠯᠠᠨ ᠤᠯᠤᠰ ᠤᠨ ᠳᠡᠰ ᠤᠨ ᠢᠷᠠᠭᠤ ᠠᠯᠳᠠᠷ ᠣᠯᠭᠤᠪᠠ᠃ ᠬᠠᠮᠲᠤ ᠳᠤ ᠨᠢ ᠭᠤᠶᠤᠴᠢᠯᠠᠨ ᠮᠡᠳᠡᠭᠦᠯᠦᠭᠰᠡᠨ ︽ᠮᠧᠩ ᠲᠢᠶᠠᠨ︾ ᠨᠣᠭᠤᠭᠠᠨ ᠪᠤᠷᠴᠠᠭ ᠨᠢ ︽ᠢᠷᠠᠭᠤ ᠠᠯᠳᠠᠷ ᠤᠨ ᠱᠠᠩᠨᠠᠯ︾ ᠬᠦᠷᠲᠡᠭᠰᠡᠨ ᠪᠠᠶᠢᠨ᠎ᠠ᠃
       ︽ᠮᠧᠩ ᠲᠢᠶᠠᠨ︾ ᠨᠠᠷᠢᠮᠤ ᠲᠤᠰ ᠤᠳᠠᠭᠠᠨ ᠤ ᠫᠠᠨᠠᠮᠠ ᠶᠢᠨ ᠨᠣᠮᠣᠬᠠᠨ ᠳᠠᠯᠠᠢ ᠶᠢᠨ ᠣᠯᠠᠨ ᠤᠯᠤᠰ ᠤᠨ ᠦᠵᠡᠰᠬᠦᠯᠡᠩ ᠳᠤ ᠣᠯᠠᠨ ᠤᠯᠤᠰ ᠤᠨ ᠳᠡᠰ ᠤᠨ ᠲᠣᠮᠣ ᠱᠠᠩᠨᠠᠯ ᠬᠦᠷᠲᠡᠭᠰᠡᠨ ᠨᠢ ᠣᠯᠠᠨ ᠤᠯᠤᠰ ᠤᠨ ᠵᠠᠬ᠎ᠠ ᠳᠡᠯᠭᠡᠭᠦᠷ ᠠᠴᠠ ᠠᠷᠤ ᠬᠤᠷᠴᠢᠨ ᠬᠤᠰᠢᠭᠤᠨ ᠤ ᠨᠠᠷᠢᠮᠤ ᠶᠢᠨ ᠶᠠᠰᠤ ᠴᠢᠨᠠᠷ ᠲᠤ ᠭᠦᠢᠴᠡᠣᠨ ᠨᠤᠲᠠᠯᠠᠯᠲᠠ ᠥᠭᠭᠦᠭᠰᠡᠨ ᠢ ᠬᠠᠷᠠᠭᠤᠯᠪᠠ᠃ ᠤᠯᠠᠭᠠᠡᠬᠠᠳᠠ ᠶᠢᠨ ᠮᠧᠩ ᠲᠢᠶᠠᠨ ᠠᠮᠤ ᠲᠣᠰᠣᠨ ᠤ ᠬᠢᠵᠠᠭᠠᠷᠲᠤ ᠺᠣᠮᠫᠠᠨᠢ ᠠᠮᠤ ᠪᠤᠳᠠᠭ᠎ᠠ ᠡᠳ᠋ᠰᠢᠭᠦᠯᠬᠦ ᠬᠦᠷᠢᠶ᠎ᠡ ᠳᠤ ᠰᠠᠶᠢᠲᠤᠷ ᠴᠢᠷᠮᠠᠶᠢᠨ ᠠᠵᠢᠯᠯᠠᠵᠤ᠂ ᠦᠷ᠎ᠡ ᠪᠤᠶᠢᠵᠢᠭᠤᠯᠬᠤ ᠠᠴᠠ ᠡᠬᠢᠯᠡᠨ ᠲᠠᠷᠢᠶᠠᠨ ᠭᠠᠵᠠᠷ ᠤᠨ ᠬᠠᠮᠢᠶᠠᠷᠤᠯᠲᠠ᠂ ᠪᠦᠲᠦᠭᠡᠭᠳᠡᠬᠦᠨ ᠤ ᠬᠤᠷᠢᠶᠠᠯᠲᠠ᠂ ᠨᠠᠷᠢᠯᠢᠭ ᠡᠳ᠋ᠰᠢᠭᠦᠯᠦᠯᠲᠠ᠂ ᠨᠠᠷᠠᠲᠤ ᠲᠡᠮᠳᠡᠭᠲᠦ ᠶᠢᠨ ᠪᠣᠷᠣᠯᠠᠭᠤᠯᠤᠯᠲᠠ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠤᠷᠢᠳ ᠬᠤᠵᠢᠳ ᠬᠡᠳᠦᠨ ᠲᠦᠮᠡᠨ ᠮᠦ ᠪᠠᠶᠢᠭᠠᠯᠢᠯᠢᠭ ᠨᠠᠷᠢᠮᠤ ᠶᠢᠨ ᠭᠤᠤᠯ ᠰᠠᠭᠤᠷᠢᠨ ᠭᠠᠵᠠᠷ ᠢ ᠪᠠᠶᠢᠭᠤᠯᠣᠨ᠂ 30 ᠭᠠᠷᠤᠶ ᠲᠦᠮᠡᠨ ᠮᠦ ᠲᠠᠷᠢᠮᠠᠯ ᠤᠨ ᠲᠠᠯᠠᠪᠠᠢ ᠶᠢ ᠨᠥᠯᠥᠭᠡᠯᠡᠨ ᠳᠠᠶᠢᠴᠢᠯᠡᠵᠤ᠂ ᠵᠢᠯ ᠤᠨ ᠣᠷᠣᠭᠤᠯᠵᠤ ᠭᠠᠷᠭᠠᠬᠤ ᠬᠡᠮᠵᠢᠶ᠎ᠡ ᠨᠢ 10 ᠲᠦᠮᠡᠨ ᠲᠣᠨ ᠰᠢᠬᠠᠮ ᠪᠣᠯᠪᠠ᠃ ︽ᠮᠧᠩ ᠲᠢᠶᠠᠨ︾ ᠨᠠᠷᠢᠮᠤ᠂ ︽ᠮᠧᠩ ᠲᠢᠶᠠᠨ︾ ᠨᠣᠭᠤᠭᠠᠨ ᠪᠤᠷᠴᠠᠭ ᠤᠨ ᠰᠢᠷᠢᠰ ᠪᠦᠲᠦᠭᠡᠭᠳᠡᠬᠦᠨ ᠨᠢ ᠪᠡᠭᠡᠵᠢᠩ᠂ ᠲᠢᠶᠠᠨᠵᠢᠨ᠂ ᠱᠠᠩᠬᠠᠢ᠂ ᠴᠧᠩᠳᠧ᠂ ᠬᠠᠷᠪᠢᠨ᠂ ᠲᠠᠶᠢᠶᠣᠸᠠᠨ᠂ ᠳ᠋ᠠᠯᠢᠶᠠᠨ᠂ ᠮᠦᠭᠳᠡᠨ ᠵᠡᠷᠭᠡ ᠬᠤᠲᠠ ᠳᠤ ᠪᠣᠷᠣᠯᠠᠭᠤᠯᠤᠭᠳᠠᠵᠤ᠂ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠣᠯᠵᠠᠶ᠃ ᠲᠠᠯ᠎ᠠ ᠨᠤᠲᠤᠭ ᠤᠨ ᠪᠠᠶᠢᠭᠠᠯᠢᠯᠢᠭ ᠢᠳᠡᠭᠡᠨ ᠤ ᠵᠦᠢᠯ ᠨᠢ ᠡᠷᠡᠭᠦᠯ ᠬᠤᠭᠤᠯᠠᠯᠠᠯᠲᠠ ᠶᠢᠨ  ᠰᠣᠩᠭᠤᠯᠲᠠ ᠳᠤ ᠣᠷᠣᠵᠤ᠂ ᠤᠯᠠᠨ ᠤᠯᠤᠰ ᠤᠨ ᠵᠠᠬ᠎ᠠ ᠳᠡᠯᠭᠡᠭᠦᠷ ᠲᠡᠰᠢ ᠥᠷᠭᠡᠵᠢᠨ ᠳᠠᠪᠰᠢᠭᠰᠠᠨ ᠪᠠᠶᠢᠨ᠎ᠠ᠃ ︵ ᠶᠢᠨ ᠵᠦ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号