2 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠴᠧᠨ ᠬᠤ᠋ ᠨᠠᠨ 2025 ᠣᠨ ᠤ ᠬᠤᠰᠢᠭᠤᠨ ᠵᠠᠰᠠᠭ ᠤᠨ ᠣᠷᠳᠣᠨ ᠤ ᠭᠤᠷᠪᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠵᠢᠴᠢ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ | ᠰᠡᠷᠭᠡᠶᠢᠯᠡᠬᠦ ᠪᠠ ᠵᠠᠯᠬᠠᠭᠠᠨ ᠰᠢᠢᠣᠡᠭᠡᠵᠤ ᠬᠢᠨᠠᠨ ᠪᠠᠶᠢᠴᠠᠭᠠᠬᠤ ᠠᠵᠢᠯ ᠤᠨ ᠲᠣᠭᠲᠠᠭᠠᠯ︾ ︽ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ︾ ᠢ | ᠬᠠᠮᠲᠤ ᠪᠠᠷ ᠰᠤᠷᠤᠯᠴᠠᠪᠠ᠃ | ᠬᠤᠷᠠᠯ ᠠᠴᠠ ︽ᠠᠷᠤ ᠬᠤᠷᠴᠢᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠲᠤᠭᠤᠰᠢᠯᠠᠭᠤᠯᠤᠨ ᠨᠠᠶᠢᠳᠠᠪᠣᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ ︵ᠶᠠᠷᠢᠯᠴᠠᠬᠤ | ᠨᠣᠣᠷᠠᠭ︶︾ ᠢ ᠬᠢᠨᠠᠨ ᠵᠥᠪᠯᠡᠵᠦ ᠪᠠᠲᠤᠯᠠᠨ᠂ ᠲᠤᠭ᠎ᠠ ᠪᠦᠷᠢᠳᠬᠡᠯ ᠤᠨ ᠱᠠᠭᠠᠷᠳᠠᠨ ᠪᠠᠶᠢᠴᠠᠭᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠬᠤ ᠪᠣᠯ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠶᠢ | ᠴᠢᠩᠭᠠᠳᠬᠠᠬᠤ ᠤᠯᠤᠰ ᠲᠥᠷᠥ ᠶᠢᠨ ᠡᠭᠦᠷᠭᠡ ᠮᠥᠨ᠂ ᠵᠤᠷᠪᠤᠰ ᠳᠠᠷᠠᠭᠠᠯᠠᠨ ︽ᠲᠥᠰᠦᠯ︾ ᠤᠨ ᠱᠠᠭᠠᠷᠳᠠᠯᠭ᠎ᠠ ᠲᠠᠢ | ᠬᠠᠷᠭᠤᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠳᠠᠩᠰᠠ ᠪᠠᠨ | ᠳᠡᠯᠭᠡᠵᠦ ᠳ᠋ᠤᠭᠠᠷ ᠢ ᠬᠠᠰᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠶ ᠳᠤᠨᠢ | ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ | ᠤᠨ ︿ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠣᠨ﹀ ᠤ ᠱᠠᠭᠠᠷᠳᠠᠨ ᠪᠠᠶᠢᠴᠠᠭᠠᠵᠤ | ᠱᠠᠯᠠᠪᠳᠠᠭᠤᠯᠤᠨ ᠰᠢᠢᠳᠪᠦᠷᠢᠯᠡᠬᠦ ᠲᠣᠭᠲᠠᠴᠠ ︵ᠶᠠᠷᠢᠯᠴᠠᠬᠤ ᠨᠣᠣᠷᠠᠭ︶︾ ᠶᠢ ᠬᠢᠨᠠᠨ ᠵᠥᠪᠯᠡᠵᠦ ᠪᠠᠲᠤᠯᠠᠨ᠂ | ᠲᠣᠭᠲᠠᠭᠠᠭᠰᠠᠨ ᠶᠠᠪᠤᠳᠠᠯ᠂ ᠢᠯᠡᠷᠡᠭᠦᠯᠦᠭᠰᠡᠨ ᠠᠰᠠᠭᠤᠳᠠᠯ ᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ | ᠲᠤᠭᠤᠰᠢᠲᠠᠶ ᠱᠠᠯᠠᠪᠳᠠᠭᠤᠯᠵᠤ᠂ ᠠᠩᠬᠠᠷᠬᠤ ᠬᠥᠮᠦᠨ ᠲᠠᠢ᠂ ᠠᠬᠢᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ | ᠪᠡᠶᠡᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠠᠯᠬᠤᠮ ᠠᠯᠬᠤᠮ ᠢᠶᠠᠷ | ᠠᠬᠢᠭᠤᠯᠵᠤ᠂ ᠴᠠᠭ ᠲᠤᠬᠠᠶ ᠳᠤᠨᠢ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠯᠪᠤᠭᠳᠠᠯ ᠪᠦᠬᠦᠢ ᠶᠠᠪᠤᠳᠠᠯ ᠢ ᠰᠤᠳᠤᠯᠵᠤ᠂ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠪᠣᠯ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠣᠡᠪᠤᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ | ᠮᠥᠨ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ᠂ ᠪᠠᠶᠢᠭᠤᠯᠣᠡᠡᠰᠡᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠶᠠᠰᠤ ᠴᠢᠨᠠᠷ ᠲᠤᠭ᠎ᠠ ᠬᠡᠮᠵᠢᠶ᠎ᠡ ᠶᠢ | ᠪᠠᠲᠤᠯᠠᠨ᠂ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠠᠯᠡᠨ ᠰᠠᠶᠢᠵᠢᠷᠠᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠤᠨ ᠨᠠᠷᠢᠨ ᠳᠠᠩᠰᠠ᠂ | ᠡᠭᠦᠷᠭᠡ ᠶᠢᠨ ᠨᠠᠷᠢᠨ ᠳᠠᠩᠰᠠ ᠬᠠᠷᠢᠭᠤᠴᠠᠯᠭ᠎ᠠ ᠶᠢᠨ ᠨᠠᠷᠢᠨ ᠳᠠᠩᠰᠠ ᠳᠤ ᠣᠨᠣᠴᠠᠲᠠᠶ ᠪᠠᠷ ᠠᠩᠬᠠᠷᠤᠯ | ᠲᠥᠪᠯᠡᠷᠡᠭᠦᠯᠵᠦ᠂ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ | ᠡᠯ᠎ᠡ ᠲᠥᠷᠥᠯ ᠤᠨ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠯᠦ ᠮᠧᠩ᠂ ᠸᠠᠩ ᠶᠤᠸᠠᠨ ᠪᠢᠨ᠂ ᠭᠦᠸᠧ | ᠶᠦᠩ ᠮᠢᠩ᠂ ᠶᠠᠩ ᠵᠢᠶᠧ᠂ ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ ᠵᠡᠷᠭᠡ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ︵ᠰᠠᠶᠢᠬᠠᠡᠬᠤᠸᠠᠷ︶ |