ᠠᠷᠤ ᠬᠤᠷᠴᠢᠨ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠢ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2025/2/26
     ᠬᠤᠶᠠᠷ᠂ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ      2025 ᠣᠨ ᠤ ᠡᠳ᠋ ᠤᠨ ᠵᠠᠰᠠᠭ ᠤᠨ ᠲᠥᠰᠦᠪ ᠢ ᠲᠣᠭᠤᠷᠪᠢᠨ ᠨᠠᠶᠢᠷᠠᠭᠤᠯᠣᠭᠰᠠᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠠᠰᠠᠭ ᠢᠶᠠᠷ ᠡᠳ᠋ ᠤᠨ ᠵᠠᠰᠠᠭ ᠢ ᠣᠳᠣᠷᠢᠳᠬᠤ᠂ ᠡᠳ᠋ ᠪᠠᠷ ᠵᠠᠰᠠᠭ ᠢ ᠲᠣᠰᠠᠯᠠᠬᠤ︾ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠵᠡᠷᠭᠡ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠲᠣᠭᠲᠠᠭᠤᠨ ᠢᠶᠠᠷ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠬᠦᠷᠢᠶᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠵᠠᠰᠠᠭ ᠤᠨ ᠪᠠᠶᠢᠭᠤᠯᠭ᠎ᠠ ᠶᠢᠨ ︽ᠠᠷᠪᠢᠴᠢ ᠭᠠᠮᠲᠠᠢ ᠪᠠᠶᠢᠬᠤ︾ ᠳᠠᠳᠬᠠᠯ ᠢ ᠪᠠᠷᠢᠮᠲᠠᠯᠠᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ︵ᠲᠦᠰᠦᠯ︶2025 ᠣᠨ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 39819 ᠲᠦᠮᠡᠨ ᠲᠥᠭᠦᠷᠢᠭ ᠪᠡᠶᠡᠯᠡᠭᠦᠯᠬᠦ ᠪᠠᠷ ᠪᠠᠶᠢᠵᠦ᠂ ᠳᠡᠭᠡᠷ᠎ᠡ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠣᠷᠣᠯᠭ᠎ᠠ ᠵᠢᠴᠢ ᠡᠳ᠋ ᠤᠨ ᠵᠠᠰᠠᠭ ᠤᠨ ᠣᠷᠣᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠴᠦᠨ ᠵᠦᠢᠯ ᠤᠨ ᠨᠥᠯᠥᠭᠡ ᠶᠢ ᠬᠠᠰᠣᠭᠠᠳ᠂ ᠠᠳᠠᠯᠢ ᠪᠠᠷᠢᠮᠵᠢᠶ᠎ᠠ ᠳᠤ 5% ᠪᠠᠷ ᠨᠡᠮᠡᠭᠳᠡᠭᠦᠯᠦᠨ᠎ᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 25851 ᠲᠦᠮᠡᠨ ᠲᠥᠭᠦᠷᠢᠭ ᠲᠣᠬᠢᠷᠠᠭᠤᠯᠣᠨ᠎ᠠ᠃ ᠭᠠᠶᠢᠯᠢ ᠶᠢᠨ ᠪᠤᠰᠤ ᠣᠷᠣᠯᠭ᠎ᠠ ᠶᠢ 13968 ᠲᠦᠮᠡᠨ ᠲᠥᠭᠦᠷᠢᠭ ᠲᠣᠬᠢᠷᠠᠭᠤᠯᠣᠨ᠎ᠠ᠃      2025 ᠣᠨ ᠤ ᠣᠷᠣᠯᠭ᠎ᠠ ᠶᠢᠨ ᠶᠡᠷᠦᠩᠬᠡᠢ ᠬᠡᠮᠵᠢᠶ᠎ᠡ ᠨᠢ 460048 ᠲᠦᠮᠡᠨ ᠲᠥᠭᠦᠷᠢᠭ᠂ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 39819 ᠲᠦᠮᠡᠨ ᠲᠥᠭᠦᠷᠢᠭ᠂ ᠡᠭᠡᠭᠦᠯᠦᠨ ᠪᠣᠴᠠᠭᠠᠬᠤ ᠴᠢᠨᠠᠷᠲᠠᠢ ᠣᠷᠣᠯᠭ᠎ᠠ 7735 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠦᠭᠬᠦ ᠣᠷᠣᠯᠭ᠎ᠠ 235842 ᠲᠦᠮᠡᠨ ᠲᠥᠭᠦᠷᠢᠭ᠂ ᠲᠤᠰᠬᠠᠢ ᠲᠥᠷᠥᠯ ᠤᠨ ᠰᠢᠯᠵᠢᠭᠦᠯᠦᠨ ᠦᠭᠬᠦ ᠣᠷᠣᠯᠭ᠎ᠠ 17420 ᠲᠦᠮᠡᠨ ᠲᠥᠭᠦᠷᠢᠭ᠂ ᠰᠢᠯᠵᠢᠭᠦᠯᠦᠨ ᠣᠷᠣᠭᠤᠯᠬᠤ ᠪᠡᠯᠡ ᠮᠥᠩᠭᠦ 31591 ᠲᠦᠮᠡᠨ ᠲᠥᠭᠦᠷᠢᠭ ︵ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 11591 ᠲᠦᠮᠡᠨ ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ 10000 ᠲᠦᠮᠡᠨ ᠲᠥᠭᠦᠷᠢᠭ᠂ ᠣᠯᠣᠰ ᠤᠨ ᠦᠮᠴᠢᠯᠡᠯᠲᠦ ᠬᠦᠷᠦᠩᠬᠡ ᠶᠢᠨ ᠡᠵᠡᠩᠨᠡᠯᠲᠡ 10000 ᠲᠦᠮᠡᠨ ᠲᠥᠭᠦᠷᠢᠭ︶᠂ ᠣᠷᠣᠨ ᠪᠦᠰᠡ ᠶᠢᠨ ᠬᠤᠭᠤᠷᠣᠨᠳᠣ ᠰᠢᠯᠵᠢᠭᠦᠯᠦᠨ ᠦᠭᠬᠦ ᠣᠷᠣᠯᠭ᠎ᠠ 24624 ᠲᠦᠮᠡᠨ ᠲᠥᠭᠦᠷᠢᠭ᠂ ᠳᠡᠭᠡᠷ᠎ᠡ ᠵᠢᠯ ᠠᠴᠠ ᠳ᠋ᠦᠩᠨᠡᠨ ᠰᠢᠯᠵᠢᠭᠦᠯᠬᠦ ᠣᠷᠣᠯᠭ᠎ᠠ 103017 ᠲᠦᠮᠡᠨ ᠲᠥᠭᠦᠷᠢᠭ᠃ ᠣᠷᠣᠯᠭ᠎ᠠ ᠶᠢᠨ ᠶᠡᠷᠦᠩᠬᠡᠢ ᠬᠡᠮᠵᠢᠶ᠎ᠡ ᠠᠴᠠ ᠳᠡᠭᠡᠳᠦ ᠱᠠᠲᠤᠨ ᠳᠤ ᠳᠡᠭᠡᠭᠰᠢ ᠲᠣᠰᠢᠶᠠᠬᠤ ᠵᠠᠷᠤᠯᠭ᠎ᠠ 1085 ᠲᠦᠮᠡᠨ ᠲᠥᠭᠦᠷᠢᠭ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠥᠷᠢ ᠰᠢᠷᠢ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 1467 ᠲᠦᠮᠡᠨ ᠲᠥᠭᠦᠷᠢᠭ ᠢ ᠬᠠᠰᠤᠭᠠᠳ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 457496 ᠲᠦᠮᠡᠨ ᠲᠥᠭᠦᠷᠢᠭ ᠲᠣᠬᠢᠷᠠᠭᠤᠯᠵᠠᠢ᠃ ᠵᠠᠷᠤᠯᠭ᠎ᠠ ᠶᠢᠨ ᠴᠢᠳᠠᠮᠵᠢ ᠪᠠᠷ ᠲᠥᠷᠥᠯ ᠬᠤᠪᠢᠶᠠᠨ ᠳᠣᠣᠷᠠᠬᠢ ᠮᠡᠲᠦ ᠲᠣᠬᠢᠷᠠᠭᠤᠯᠪᠠ᠄      — —  ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ  34786 ᠲᠦᠮᠡᠨ ᠲᠥᠭᠦᠷᠢᠭ      — —  ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 11893 ᠲᠦᠮᠡᠨ ᠲᠥᠭᠦᠷᠢᠭ      — —  ᠰᠤᠷᠭᠠᠨ ᠬᠥᠮᠦᠵᠢᠯ ᠤᠨ ᠵᠠᠷᠤᠯᠭ᠎ᠠ 64994 ᠲᠦᠮᠡᠨ ᠲᠥᠭᠦᠷᠢᠭ      — —  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 871 ᠲᠦᠮᠡᠨ ᠲᠥᠭᠦᠷᠢᠭ      — —  ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠮᠡᠳᠡᠭᠡ ᠵᠠᠭᠤᠴᠢᠯᠠᠭᠤᠷ ᠤᠨ ᠵᠠᠷᠤᠯᠭ᠎ᠠ 3888 ᠲᠦᠮᠡᠨ ᠲᠥᠭᠦᠷᠢᠭ      — —  ᠨᠡᠶᠢᠭᠡᠮ ᠤᠨ ᠪᠠᠲᠣᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 77709 ᠲᠦᠮᠡᠨ ᠲᠥᠭᠦᠷᠢᠭ      — —  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 21211 ᠲᠦᠮᠡᠨ ᠲᠥᠭᠦᠷᠢᠭ      — —  ᠡᠨᠧᠷᠭᠢ ᠠᠷᠪᠢᠯᠠᠬᠤ ᠣᠷᠴᠢᠨ ᠠᠬᠤᠢ ᠶᠢᠨ ᠬᠠᠮᠠᠭᠠᠯᠠᠯᠲᠠ ᠶᠢᠨ ᠵᠠᠷᠤᠯᠭ᠎ᠠ 56534 ᠲᠦᠮᠡᠨ ᠲᠥᠭᠦᠷᠢᠭ      — —  ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 14258 ᠲᠦᠮᠡᠨ ᠲᠥᠭᠦᠷᠢᠭ ︵ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠵᠠᠷᠤᠯᠭ᠎ᠠ 1230 ᠲᠦᠮᠡᠨ ᠲᠥᠭᠦᠷᠢᠭ︶      — —  ᠬᠦᠳᠡᠭᠡ ᠠᠵᠦ ᠠᠬᠤᠢ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ  84368 ᠲᠦᠮᠡᠨ ᠲᠥᠭᠦᠷᠢᠭ     — —  ᠵᠠᠮ ᠲᠡᠭᠡᠭᠡᠪᠦᠷᠢ ᠶᠢᠨ ᠵᠠᠷᠤᠯᠭ᠎ᠠ  23752 ᠲᠦᠮᠡᠨ ᠲᠥᠭᠦᠷᠢᠭ      — —  ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ  809 ᠲᠦᠮᠡᠨ ᠲᠥᠭᠦᠷᠢᠭ      — —  ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 1315 ᠲᠦᠮᠡᠨ ᠲᠥᠭᠦᠷᠢᠭ      — — ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 18728 ᠲᠦᠮᠡᠨ ᠲᠥᠭᠦᠷᠢᠭ      — — ᠠᠮᠤ ᠲᠣᠰᠣ ᠡᠳ᠋ ᠪᠣᠳᠠᠰ ᠤᠨ ᠨᠥᠭᠡᠴᠡᠯᠡᠯᠲᠡ ᠶᠢᠨ ᠵᠠᠷᠤᠯᠭ᠎ᠠ 2657 ᠲᠦᠮᠡᠨ ᠲᠥᠭᠦᠷᠢᠭ      — — ᠭᠠᠢ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠷᠤᠯᠭ᠎ᠠ 2055 ᠲᠦᠮᠡᠨ ᠲᠥᠭᠦᠷᠢᠭ      — — ᠥᠷᠢ ᠥᠭᠴᠡᠭᠡᠨ ᠤ ᠬᠦᠦ ᠮᠥᠩᠭᠦ ᠶᠢᠨ ᠵᠠᠷᠤᠯᠭ᠎ᠠ 7873 ᠲᠦᠮᠡᠨ ᠲᠥᠭᠦᠷᠢᠭ      — — ᠪᠤᠰᠤᠳ ᠵᠠᠷᠤᠯᠭ᠎ᠠ  22795 ᠲᠦᠮᠡᠨ ᠲᠥᠭᠦᠷᠢᠭ      — — ᠪᠡᠯᠡᠳᠬᠡᠯ ᠵᠠᠷᠤᠯᠭ᠎ᠠ  7000 ᠲᠦᠮᠡᠨ ᠲᠥᠭᠦᠷᠢᠭ      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ︵ᠲᠥᠰᠦᠯ︶2025 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠨᠡᠶᠢᠲᠡ 88039 ᠲᠦᠮᠡᠨ ᠲᠥᠭᠦᠷᠢᠭ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠲᠤᠰ ᠱᠠᠲᠤᠨ ᠤ ᠣᠷᠣᠯᠭ᠎ᠠ 24300 ᠲᠦᠮᠡᠨ ᠲᠥᠭᠦᠷᠢᠭ᠂ ᠰᠢᠯᠵᠢᠭᠦᠯᠦᠨ ᠦᠭᠬᠦ ᠴᠢᠨᠠᠷᠲᠠᠢ ᠣᠷᠣᠯᠭ᠎ᠠ 19263 ᠲᠦᠮᠡᠨ ᠲᠥᠭᠦᠷᠢᠭ᠂ ᠳᠡᠭᠡᠷ᠎ᠡ ᠵᠢᠯ ᠠᠴᠠ ᠳ᠋ᠦᠩᠨᠡᠨ ᠰᠢᠯᠵᠢᠭᠦᠯᠬᠦ ᠣᠷᠣᠯᠭ᠎ᠠ 44476 ᠲᠦᠮᠡᠨ ᠲᠥᠭᠦᠷᠢᠭ᠃      2025 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠢ ᠨᠡᠶᠢᠲᠡ 88039 ᠲᠦᠮᠡᠨ ᠲᠥᠭᠦᠷᠢᠭ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠲᠤᠰ ᠱᠠᠲᠤᠨ ᠤ ᠵᠠᠷᠤᠯᠭ᠎ᠠ 78039 ᠲᠦᠮᠡᠨ ᠲᠥᠭᠦᠷᠢᠭ᠂ ᠰᠢᠯᠵᠢᠭᠦᠯᠦᠨ ᠭᠠᠷᠭᠠᠬᠤ  ᠪᠡᠯᠡ ᠮᠥᠩᠭᠦ 10000 ᠲᠦᠮᠡᠨ ᠲᠥᠭᠦᠷᠢᠭ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ︵ᠲᠥᠰᠦᠯ︶2025 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠢ ᠨᠡᠶᠢᠲᠡ 47662 ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰ ᠱᠠᠲᠤᠨ ᠤ ᠣᠷᠣᠯᠭ᠎ᠠ 22046 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 683 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠦᠭᠬᠦ ᠣᠷᠣᠯᠭ᠎ᠠ 231 ᠲᠦᠮᠡᠨ ᠲᠥᠭᠦᠷᠢᠭ᠂ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 24702 ᠲᠦᠮᠡᠨ ᠲᠥᠭᠦᠷᠢᠭ᠃      2025 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 47662 ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰ ᠱᠠᠲᠤᠨ ᠤ ᠵᠠᠷᠤᠯᠭ᠎ᠠ 42798 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ 519 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠦᠭᠬᠦ ᠵᠠᠷᠤᠯᠭ᠎ᠠ 35 ᠲᠦᠮᠡᠨ ᠲᠥᠭᠦᠷᠢᠭ᠂ ᠳᠡᠭᠡᠭᠰᠢ ᠲᠣᠰᠢᠶᠠᠬᠤ ᠵᠠᠷᠤᠯᠭ᠎ᠠ 4310 ᠲᠦᠮᠡᠨ ᠲᠥᠭᠦᠷᠢᠭ᠃      ︵ᠳᠥᠷᠪᠡ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ︵ᠲᠥᠰᠦᠯ︶      2025 ᠣᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠨᠡᠶᠢᠲᠡ 11221 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠤᠰ ᠱᠠᠲᠤᠨ ᠤ ᠣᠷᠣᠯᠭ᠎ᠠ 11200 ᠲᠦᠮᠡᠨ ᠲᠥᠭᠦᠷᠢᠭ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠰᠢᠯᠵᠢᠭᠦᠯᠦᠨ ᠦᠭᠬᠦ ᠴᠢᠨᠠᠷᠲᠠᠢ ᠣᠷᠣᠯᠭ᠎ᠠ 7 ᠲᠦᠮᠡᠨ ᠲᠥᠭᠦᠷᠢᠭ᠂ ᠳᠡᠭᠡᠷ᠎ᠡ ᠵᠢᠯ ᠠᠴᠠ ᠳ᠋ᠦᠩᠨᠡᠨ ᠰᠢᠯᠵᠢᠭᠦᠯᠬᠦ ᠣᠷᠣᠯᠭ᠎ᠠ 14 ᠲᠦᠮᠡᠨ ᠲᠥᠭᠦᠷᠢᠭ᠃      2025 ᠣᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠨᠡᠶᠢᠲᠡ 11221 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠤᠰ ᠱᠠᠲᠤᠨ ᠤ ᠵᠠᠷᠤᠯᠭ᠎ᠠ 1221 ᠲᠦᠮᠡᠨ ᠲᠥᠭᠦᠷᠢᠭ᠂ ᠰᠢᠯᠵᠢᠭᠦᠯᠦᠨ ᠭᠠᠷᠭᠠᠬᠤ ᠪᠡᠯᠡ ᠮᠥᠩᠭᠦ 10000 ᠲᠦᠮᠡᠨ ᠲᠥᠭᠦᠷᠢᠭ᠃      ︵ᠲᠠᠪᠤ︶ 2025 ᠣᠨ ᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ      1. ᠡᠳ᠋ ᠮᠦᠩᠬᠦ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠬᠢᠭᠡᠳ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠢᠭᠡ ᠳᠤ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠡᠷᠴᠢᠮ ᠢᠶᠠᠨ  ᠴᠢᠩᠭᠠᠷᠠᠭᠤᠯᠣᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠡᠳ᠋ ᠤᠨ ᠵᠠᠰᠠᠭ ᠤᠨ ᠣᠷᠣᠯᠭ᠎ᠠ ᠶᠢᠨ ᠬᠤᠪᠢᠷᠠᠯᠲᠠ ᠶᠢ ᠴᠠᠭ ᠲᠤᠬᠠᠢ ᠳᠤᠨᠢ ᠵᠠᠳᠠᠯᠣᠨ ᠰᠢᠨᠵᠢᠯᠡᠵᠦ᠂ ᠣᠷᠣᠯᠭ᠎ᠠ ᠶᠢᠨ ᠲᠠᠲᠠᠪᠤᠷᠢᠯᠠᠨ ᠬᠠᠮᠢᠶᠠᠷᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠤᠯᠢ ᠶᠣᠰᠣᠭᠠᠷ ᠲᠠᠲᠠᠪᠤᠷᠢᠯᠠᠨ ᠬᠠᠮᠢᠶᠠᠷᠬᠤ ᠶᠢ ᠦᠨᠡᠨ ᠬᠦ ᠪᠡᠶᠡᠯᠡᠭᠦᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠶᠢᠯᠢ ᠶᠢᠨ ᠪᠤᠰᠤ ᠣᠷᠣᠯᠭ᠎ᠠ ᠶᠢᠨ ᠳᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠭᠠᠶᠢᠯᠢ ᠶᠢᠨ ᠪᠤᠰᠤ ᠣᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢᠨ ᠡᠳ᠋ ᠤᠨ ᠵᠠᠰᠠᠭ ᠤᠨ ᠣᠷᠣᠯᠭ᠎ᠠ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠠᠬ᠎ᠠ ᠵᠠᠭᠡᠯᠢ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠭᠠᠶᠢᠯᠢ ᠶᠢᠨ ᠢᠷᠡᠯᠲᠡ ᠶᠢᠨ ᠰᠠᠭᠤᠷᠢ ᠶᠢ ᠪᠠᠬᠢᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠠᠶᠢᠯᠢ ᠲᠠᠲᠠᠪᠤᠷᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠤᠶᠢᠵᠢᠭᠤᠯᠤᠨ᠎ᠠ᠃      2. ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠠᠷᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠨᠢᠭᠡ ᠳᠤ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠲᠦᠰᠢᠭᠯᠡᠨ᠂ ᠲᠥᠰᠦᠪ ᠢ ᠬᠡᠷᠡᠭᠵᠢᠭᠦᠯᠬᠦ ᠵᠠᠳᠠᠯᠤᠯᠲᠠ ᠶᠢ ᠴᠢᠩᠭᠠᠳᠬᠠᠵᠤ᠂ ᠲᠥᠰᠦᠪ ᠤᠨ ᠬᠢᠵᠠᠭᠠᠷᠯᠠᠯ ᠢ ᠴᠢᠩᠳᠠᠯᠠᠵᠣ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰ ᠵᠢᠯ ᠤᠨ ᠰᠢᠨ᠎ᠡ ᠪᠠᠷ ᠨᠡᠮᠡᠭᠳᠡᠬᠦ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠬᠤᠶᠠᠷ ᠲᠤ     ︽ᠠᠷᠪᠢᠴᠢ ᠭᠠᠮᠲᠠᠢ ᠪᠠᠶᠢᠬᠤ︾ ᠳᠠᠳᠬᠠᠯ ᠢ ᠪᠠᠲᠤ ᠪᠠᠬᠢ ᠪᠣᠢ ᠪᠣᠯᠭᠠᠵᠤ᠂ ︽ᠦᠨᠳᠦᠰᠦᠨ ᠪᠣᠰᠣ ᠲᠥᠰᠦᠪ︾ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠰᠠᠭᠤᠷᠢ  ᠲᠣᠭᠠᠨ ᠤ ᠨᠦᠯᠦᠭᠡ ᠶᠢ ᠡᠪᠳᠡᠵᠦ᠂ ᠨᠢᠭᠡᠳᠦᠯᠲᠡᠢ ᠲᠥᠯᠥᠪᠯᠡᠬᠦ ᠶᠢ ᠠᠬᠢᠭᠤᠯᠬᠤ︾ ᠪᠠᠷ ᠳᠠᠮᠵᠢᠭᠤᠯᠤᠨ᠂ ᠭᠤᠣᠯᠳᠠᠯᠭ᠎ᠠ ᠶᠢᠨ ᠪᠤᠰᠤ ᠴᠢᠨᠠᠷᠲᠠᠢ᠂  ᠲᠣᠭᠲᠠᠪᠣᠷᠢᠲᠣ ᠪᠤᠰᠤ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠦᠷ᠎ᠡ ᠪᠦᠲᠦᠮᠵᠢ ᠪᠠᠷ ᠳᠣᠣᠷ᠎ᠠ ᠳᠠᠪᠬᠤᠷᠳᠠᠭᠰᠠᠨ ᠲᠠᠷᠠᠬᠠᠢ ᠪᠣᠲᠠᠷᠬᠠᠢ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠰᠢᠨᠵᠢᠯᠡᠬᠦ ᠤᠬᠠᠭᠠᠨᠴᠢ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠲᠡᠷᠢᠭᠦᠨ ᠴᠢᠬᠤᠯᠠ ᠪᠠᠶᠢᠷᠢ ᠰᠠᠭᠤᠷᠢ ᠶᠢ ᠪᠠᠷᠢᠮᠲᠠᠯᠠᠵᠤ᠂ ᠲᠥᠰᠦᠪ ᠤᠨ ᠲᠣᠬᠢᠷᠠᠭᠤᠯᠤᠯᠲᠠ ᠪᠠ ᠬᠥᠮᠥᠷᠭᠡ ᠶᠢᠨ ᠵᠣᠭᠤᠰ ᠢ ᠰᠠᠯᠭᠠᠨ ᠥᠭᠬᠦ ᠵᠡᠷᠭᠡ ᠲᠠᠯ᠎ᠠ ᠪᠠᠷ ᠲᠣᠭᠲᠠᠭᠠᠯ ᠢ ᠴᠢᠩᠭ᠎ᠠ ᠵᠢᠷᠤᠮᠯᠠᠨ ᠤᠷᠢᠳᠠᠪᠠᠷ ᠪᠠᠲᠤᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠨ᠎ᠠ᠃ ᠳᠥᠷᠪᠡ ᠳᠤ ᠰᠢᠨᠵᠢᠯᠡᠭᠡ ᠮᠡᠷᠭᠡᠵᠢᠯ ᠰᠢᠨ᠎ᠡ ᠡᠭᠦᠳᠦᠯᠲᠡ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      3. ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠨᠢᠭᠡ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠥᠷᠢ ᠥᠭᠴᠡᠭᠡ ᠶᠢᠨ ᠬᠡᠪᠴᠢᠶ᠎ᠡ ᠶᠢ ᠡᠵᠡᠮᠳᠡᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦ ᠶᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠶᠡᠷᠦᠩᠬᠡᠢ ᠳᠤᠨᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠪᠠᠲᠤ ᠰᠠᠬᠢᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠪᠠ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠬᠠᠮᠵᠢᠯᠴᠠᠬᠤ ᠶᠢ ᠰᠠᠶᠢᠲᠤᠷ ᠬᠢᠨ᠎ᠡ᠃ ᠭᠤᠷᠪᠠ ᠳᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠯᠭᠠᠬᠤ  ᠪᠠᠶᠢᠩᠭᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠬᠠᠷᠢᠭᠤᠴᠠᠯᠭᠠᠲᠠᠨ ᠤ ᠠᠰᠠᠭᠤᠳᠠᠯ ᠲᠠᠢ ᠡᠳ᠋ ᠬᠥᠷᠥᠩᠭᠡ ᠶᠢ ᠪᠦᠬᠦ ᠬᠦᠴᠦᠨ ᠢᠶᠠᠷ ᠢᠶᠠᠨ ᠬᠠᠮᠵᠢᠯᠴᠠᠨ ᠴᠡᠭᠴᠡᠯᠡᠨ ᠬᠤᠷᠢᠶᠠᠵᠤ ᠰᠢᠢᠳᠪᠦᠷᠢᠯᠡᠨ᠂ ᠮᠥᠩᠭᠦᠨ ᠭᠦᠢᠯᠭᠡᠭᠡᠨ ᠤ ᠬᠦᠷᠢᠶᠡᠨ ᠳᠤ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃      4. ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠴᠢᠩᠭᠠᠷᠠᠭᠤᠯᠣᠨ᠎ᠠ᠃ ᠨᠢᠭᠡ ᠳᠤ ᠲᠥᠰᠦᠪ ᠤᠨ ᠨᠢᠭᠡ ᠴᠣᠭᠴᠠᠵᠢᠭᠰᠠᠨ ᠰᠢᠰᠲ᠋ᠧᠮ ᠤᠨ ᠬᠠᠮᠢᠶᠠᠷᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠰᠦᠪ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠤᠨ ᠰᠢᠰᠲ᠋ᠧᠮ ᠤᠨ ᠬᠤᠷᠠᠮᠳᠤᠯ ᠪᠠ ᠬᠠᠮᠵᠢᠯᠴᠠᠭ᠎ᠠ  ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠲᠥᠰᠦᠪ ᠤᠨ ᠬᠠᠮᠢᠶᠠᠷᠤᠯᠲᠠ ᠶᠢᠨ ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠪᠠ ᠲᠥᠰᠦᠪ ᠤᠨ ᠢᠯᠡ ᠲᠣᠳᠣ ᠶᠢᠨ ᠬᠡᠮᠵᠢᠶ᠎ᠡ ᠶᠢ      ᠳᠡᠭᠡᠭᠰᠢᠯᠡᠭᠦᠯᠦᠨ᠎ᠡ᠃ ᠬᠤᠶᠠᠷ ᠲᠤ ᠦᠷ᠎ᠡ ᠪᠦᠲᠦᠮᠵᠢ ᠪᠠ ᠲᠥᠰᠦᠪ ᠤᠨ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠷ᠎ᠡ ᠪᠦᠲᠦᠮᠵᠢ ᠶᠢ ᠦᠨᠡᠯᠡᠨ ᠵᠢᠱᠢᠬᠦ᠂ ᠬᠠᠷᠠᠯᠲᠠᠲᠤ ᠬᠠᠮᠢᠶᠠᠷᠤᠯᠲᠠ᠂ ᠠᠵᠢᠯᠯᠠᠭᠠᠨ ᠢ ᠬᠢᠨᠠᠨ ᠡᠵᠡᠮᠳᠡᠬᠦ᠂ ᠦᠷ᠎ᠡ ᠳ᠋ᠦᠩ ᠢ ᠬᠡᠷᠡᠭᠵᠢᠭᠦᠯᠦᠭᠰᠡᠨ ᠢ ᠦᠨᠡᠯᠡᠬᠦ ᠳᠥᠷᠪᠡᠨ ᠭᠤᠭᠴᠤᠭ᠎ᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠭᠤᠷᠪᠠ ᠳᠤ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠰᠢᠭᠤᠳ ᠬᠦᠷᠭᠦ ᠪᠡᠯᠡ ᠮᠥᠩᠭᠦ ᠶᠢ ᠬᠢᠨᠠᠨ ᠡᠵᠡᠮᠳᠡᠬᠦ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠪᠦᠲᠦᠮᠵᠢᠲᠦ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠤᠭ᠎ᠠ ᠪᠠᠷᠢᠮᠲᠠ ᠶᠢᠨ ᠪᠠᠲᠤᠯᠠᠭ᠎ᠠ ᠬᠠᠩᠭᠠᠵᠤ᠂ ︽ᠢᠯᠡ ᠲᠣᠳᠣ ᠡᠳ᠋ ᠤᠨ ᠵᠠᠰᠠᠭ︾ ᠢ ᠪᠤᠢ ᠪᠣᠯᠭᠠᠨ᠎ᠠ᠃ ᠳᠥᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠵᠡᠭᠡᠯᠢᠵᠢᠭᠰᠡᠨ ᠬᠡᠯᠪᠡᠷᠢ ᠵᠦᠭ ᠬᠤᠪᠢᠷᠠᠭᠤᠯᠬᠤ ᠠᠵᠢᠯ ᠢ ᠦᠨᠡᠨ ᠬᠦ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠪᠣᠯᠤᠨ ᠲᠤᠰ ᠪᠡᠶ᠎ᠡ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠥᠯᠥᠭᠡᠯᠡᠭᠴᠢᠳ ᠡ᠂ 2025 ᠣᠨ ᠳᠤ ᠪᠢᠳᠡ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ      ᠪᠠᠷᠢᠮᠲᠠᠯᠠᠵᠤ᠂ ︽ᠬᠤᠶᠠᠷ ᠢ ᠪᠠᠲᠣᠯᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠢᠲᠡᠭᠡᠯ ᠵᠣᠷᠢᠭ ᠢᠶᠠᠨ ᠪᠠᠲᠤᠳᠬᠠᠨ᠂ ᠠᠵᠠ ᠲᠣᠬᠢᠶᠠᠯ ᠢ ᠠᠮᠵᠢᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠠᠵᠢᠯ ᠤᠨ ᠣᠪᠣᠷ ᠪᠠ ᠬᠠᠷᠢᠭᠤᠴᠠᠯᠭ᠎ᠠ ᠶᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠬᠦᠴᠦᠯᠡᠨ ᠴᠢᠷᠮᠠᠶᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠦᠨᠳᠦᠰᠦᠨ ᠪᠤᠰᠤ ᠲᠥᠰᠦᠪ︾ ᠵᠢᠴᠢ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠳ᠋ ᠤᠨ ᠵᠠᠰᠠᠭ ᠤᠨ ᠬᠤᠪᠢ ᠨᠡᠮᠡᠷᠢ  ᠶᠢ ᠭᠠᠷᠭᠠᠵᠠᠭᠠᠶ᠎ᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号