2 ᠰᠠᠷ᠎ᠠ ᠶᠢᠨ 25 ᠤ ᠡᠳᠦᠷ᠂ ᠠᠷᠤ ᠬᠤᠷᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ | ᠵᠢᠴᠢ ᠬᠡᠦᠬᠡᠳ ᠤᠨ ᠴᠡᠴᠡᠷᠯᠢᠭ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠵᠤ᠂ | ᠨᠠᠮ ᠬᠥᠮ ᠰᠤᠷᠭᠠᠭᠤᠯᠢ ᠶᠢᠨ ᠬᠦᠷᠢᠶ᠎ᠡ ᠭᠱᠠᠨ ᠵᠠᠭᠤᠷ᠎ᠠ ᠬᠦᠷ ᠬᠥᠭᠵᠢᠶᠡᠨ ᠢᠶᠠᠷ ᠪᠢᠯᠬᠠᠵᠤ᠂ ᠥᠷᠨᠢᠭᠦᠨ ᠪᠠᠳᠠᠷᠠᠩᠭᠤᠶ | ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠪᠢᠯᠬᠠᠨ᠎ᠠ᠃ | | | | ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ ᠪᠣᠯᠤᠨ | ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠯᠭ᠎ᠠ ᠡᠬᠢᠯᠡᠭᠦᠯᠬᠦ ᠪᠦᠬᠦ ᠠᠵᠢᠯ ᠡᠮᠬᠢ ᠵᠢᠷᠤᠮ ᠲᠠᠢ | ᠶᠠᠪᠤᠭᠳᠠᠭᠰᠠᠨ ᠪᠠᠶᠢᠨ᠎ᠠ᠃ ᠰᠤᠷᠭᠠᠭᠤᠯᠢ ᠶᠢᠨ ᠡᠭᠦᠳᠡᠨ ᠳᠤ᠂ ᠰᠤᠷᠭᠠᠭᠤᠯᠢ ᠶᠢᠨ ᠤᠳᠤᠷᠢᠳᠤᠯᠭ᠎ᠠ ᠪᠣᠯᠤᠨ | ᠪᠠᠭᠰᠢ ᠨᠠᠷ ᠪᠦᠷ ᠡᠷᠲᠡᠬᠡᠨ ᠠᠵᠢᠯ ᠤᠨ ᠪᠠᠶᠢᠷᠢ ᠳᠤ ᠪᠠᠨ ᠭᠠᠷᠴᠤ᠂ ᠰᠤᠷᠭᠠᠭᠤᠯᠢ ᠳᠤ ᠪᠠᠨ ᠪᠤᠴᠠᠬᠤ ᠰᠤᠷᠤᠭᠴᠢᠳ ᠢ | ᠤᠭᠲᠤᠪᠠ᠃ ᠬᠢᠴᠢᠶᠡᠯ ᠤᠨ ᠭᠡᠷ ᠲᠤ᠂ ᠠᠩᠭᠢ ᠶᠢᠨ ᠡᠷᠬᠢᠯᠡᠭᠴᠢ ᠠᠴᠠ ᠠᠮᠤᠷ ᠲᠦᠪᠰᠢᠨ ᠤ ᠬᠥᠮᠦᠵᠢᠯ᠂ ᠬᠢᠴᠢᠶᠡᠯ | ᠰᠤᠷᠤᠯᠭ᠎ᠠ ᠶᠢᠨ ᠪᠡᠯᠡᠳᠬᠡᠯ ᠵᠡᠷᠭᠡ ᠲᠠᠯ᠎ᠠ ᠶᠢᠨ ᠠᠭᠤᠯᠭ᠎ᠠ ᠶᠢ ᠬᠠᠮᠤᠷᠤᠭᠰᠠᠨ ︽ᠰᠤᠷᠤᠯᠭ᠎ᠠ ᠡᠬᠢᠯᠡᠬᠦ ᠠᠩᠬᠠᠨ ᠤ | ᠬᠢᠴᠢᠶᠡᠯ︾ ᠵᠣᠬᠢᠶᠠᠨ ᠪᠠᠶᠢᠭᠤᠯᠣᠨ ᠥᠷᠨᠢᠭᠦᠯᠵᠦ᠂ ᠰᠤᠷᠤᠭᠴᠢᠳ ᠢ ᠬᠠᠪᠰᠤᠷᠣᠨ ᠪᠠᠶᠢᠳᠡᠯ ᠢ ᠨᠢ ᠲᠦᠷᠭᠡᠨ | ᠲᠣᠬᠢᠷᠠᠭᠤᠯᠵᠤ᠂ ᠣᠷᠭᠢᠯᠤᠮ᠎ᠠ ᠬᠠᠯᠠᠭᠤᠨ ᠤᠷᠮᠠᠰ ᠰᠡᠳᠬᠢᠯᠭᠡ ᠪᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ | ᠰᠤᠷᠤᠯᠴᠠᠯᠭ᠎ᠠ ᠪᠠᠨ ᠤᠭᠲᠤᠬᠤ ᠳᠤ ᠲᠤᠰᠠᠯᠠᠨ᠎ᠠ᠃ ᠬᠤᠭᠤᠯᠠᠨ ᠭᠡᠷ ᠤᠨ ᠴᠣᠩᠬᠤᠨ ᠰᠢᠯ ᠭᠢᠯ᠎ᠠ ᠴᠢᠯᠡ᠂ ᠰᠢᠷᠡᠭᠡ | ᠰᠠᠨᠳᠠᠯᠢ ᠲᠠᠷᠢ ᠲᠡᠭᠰᠢ ᠴᠡᠪᠡᠷ ᠲᠣᠬᠢᠯᠢᠭ ᠪᠠᠶᠢᠵᠤ᠂ ᠡᠯ᠎ᠡ ᠵᠦᠢᠯ ᠤᠨ ᠬᠤᠭᠤᠯᠠᠨ ᠤ ᠰᠠᠪᠠ ᠬᠡᠷᠡᠭᠰᠡᠯ ᠢ | ᠠᠷᠢᠭᠤᠳᠬᠠᠬᠤ ᠬᠤᠷᠭᠤᠨ ᠳᠤ ᠡᠮᠬᠢ ᠴᠡᠭᠴᠡ ᠲᠠᠢ ᠲᠠᠯᠪᠢᠵᠠᠶ᠃ ᠰᠤᠷᠪᠤᠯᠵᠢᠯᠠᠭᠴᠢ ᠪᠠᠶᠢᠷᠢ ᠶᠢᠨ ᠭᠡᠷ ᠲᠤ | ᠢᠷᠡᠬᠦ ᠳᠤ᠂ ᠪᠠᠶᠢᠷᠢ ᠶᠢᠨ ᠭᠡᠷ ᠤᠨ ᠡᠨᠡ ᠲᠡᠷᠡ ᠵᠦᠢᠯᠡᠰ ᠪᠦᠷ ᠯᠡ ᠴᠣ᠋ ᠰᠢᠨᠡᠬᠡᠨ ᠪᠥᠭᠡᠳ ᠣᠷᠣ ᠳᠡᠪᠢᠰᠬᠡᠷ ᠴᠠᠪ | ᠴᠡᠪᠡᠷᠬᠡᠨ ᠲᠠᠷᠢ ᠲᠡᠭᠰᠢ᠂ ᠣᠷᠣ ᠶᠢᠨ ᠪᠦᠲᠡᠭᠡᠯᠭᠡ ᠴᠠᠪ ᠴᠠᠭᠠᠨ ᠪᠠᠶᠢᠵᠤ᠂ ᠰᠤᠷᠤᠭᠴᠢᠳ ᠲᠤ ᠰᠡᠳᠬᠢᠯ | ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠭᠦᠭᠰᠡᠨ ᠪᠠᠶᠢᠨ᠎ᠠ᠃ | | | | ᠬᠠᠨ ᠠᠭᠤᠯᠠ ᠪᠠᠭ᠎ᠠ ᠰᠤᠷᠭᠠᠭᠤᠯᠢ ᠪᠣᠯᠤᠨ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠶᠢᠨ | ᠡᠭᠦᠳᠡᠨ ᠳᠤ᠂ ᠬᠡᠦᠬᠡᠳ ᠤᠳ ᠪᠢᠴᠢᠭ ᠤᠨ ᠪᠣᠭᠴᠣ ᠪᠠᠨ ᠮᠥᠷᠥᠪᠴᠢᠯᠡᠭᠡᠳ ᠪᠠᠶᠠᠷ ᠲᠠᠢ ᠪᠠᠷ ᠠᠩᠭᠢ ᠶᠢᠨ | ᠭᠡᠷ ᠲᠤ ᠪᠠᠨ ᠣᠷᠣᠵᠠᠭᠠᠨᠠ᠃ ᠬᠢᠴᠢᠶᠡᠯ ᠤᠨ ᠭᠡᠷ ᠤᠨ ᠡᠮᠦᠨ᠎ᠡ ᠲᠠᠯ᠎ᠠ ᠶᠢᠨ ᠰᠢᠷᠡᠭᠡᠨ ᠳᠡᠭᠡᠷ᠎ᠡ ᠣᠪᠣᠭ᠎ᠠ ᠣᠪᠣᠭ᠎ᠠ | ᠰᠢᠨ᠎ᠡ ᠨᠣᠮ ᠤᠳ ᠢ ᠲᠠᠷᠢ ᠳᠡᠭᠰᠢ ᠲᠠᠯᠪᠢᠵᠠᠶ᠃ ᠰᠤᠷᠤᠭᠴᠢᠳ ᠤᠨ ᠨᠢᠳᠦᠨ ᠳᠤ ᠬᠦᠰᠡᠯ ᠡᠷᠡᠮᠡᠯᠵᠡᠯ ᠪᠢᠯᠬᠠᠵᠤ᠂ | ᠳᠡᠰ ᠳᠠᠷᠠᠭ᠎ᠠ ᠲᠠᠢ ᠪᠠᠷ ᠲᠡᠷᠢ ᠲᠡᠭᠰᠢ ᠮᠥᠷᠯᠡᠵᠡᠭᠡᠵᠦ᠂ ᠶᠠᠭ ᠯᠠ ᠣᠯᠳᠠᠰᠢ ᠦᠭᠡᠢ ᠠᠯᠲᠠ ᠡᠷᠳᠡᠨᠢᠰ ᠲᠤᠰᠴᠤ | ᠠᠪᠴᠤ ᠪᠠᠶᠢᠭ᠎ᠠ ᠶᠤᠮ ᠰᠢᠭ᠋ ᠰᠢᠨ᠎ᠡ ᠨᠣᠮ ᠢᠶᠠᠨ ᠠᠪᠴᠤ᠂ ᠰᠢᠨ᠎ᠡ ᠬᠢᠴᠢᠶᠡᠯ ᠤᠨ ᠳᠡᠪᠲᠡᠷ ᠢᠶᠠᠨ ᠤᠷᠮᠠᠲᠠᠶ | ᠤᠩᠰᠢᠵᠠᠭᠠᠨᠠ᠃ | | | | ᠬᠡᠦᠬᠡᠳ ᠤᠨ ᠴᠡᠴᠡᠷᠯᠢᠭ ᠲᠤ ᠴᠦ ᠮᠥᠨ ᠪᠠᠶᠠᠷ ᠪᠠᠶᠠᠰᠬᠤᠯᠠᠩ ᠢᠶᠠᠷ ᠪᠢᠯᠬᠠᠵᠤ ᠪᠠᠶᠢᠯ᠎ᠠ᠂ ᠠᠷᠤ ᠬᠤᠷᠴᠢᠨ | ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠢᠭᠡᠳᠦᠭᠡᠷ ᠬᠡᠦᠬᠡᠳ ᠤᠨ ᠴᠡᠴᠡᠷᠯᠢᠭ ᠪᠣᠯᠤᠨ ᠰᠢᠨ᠎ᠡ ᠬᠤᠲᠠ | ᠮᠣᠩᠭᠤᠯ ᠬᠡᠦᠬᠡᠳ ᠤᠨ ᠴᠡᠴᠡᠷᠯᠢᠭ ᠤᠨ ᠭᠡᠷ ᠤᠨ ᠠᠬᠠᠮᠠᠳ ᠬᠡᠦᠬᠡᠳ ᠤᠨ ᠢᠶᠠᠨ ᠪᠢᠴᠢᠬᠠᠨ ᠭᠠᠷ ᠢ ᠬᠥᠲᠥᠯᠥᠨ | ᠰᠤᠷᠭᠠᠭᠤᠯᠢ ᠶᠢᠨ ᠬᠦᠷᠢᠶᠡᠨ ᠳᠤ ᠣᠷᠣᠵᠤ ᠬᠡᠦᠬᠡᠳ ᠤᠳ ᠪᠠᠭᠰᠢ ᠨᠠᠷ ᠲᠠᠢ ᠪᠠᠨ ᠰᠢᠨ᠎ᠡ ᠵᠢᠯ ᠤᠨ ᠮᠡᠨᠳᠦᠴᠢᠯᠠᠯ | ᠬᠢᠵᠦ ᠵᠣᠯᠭᠠᠨ᠂ ᠪᠠᠭᠰᠢ ᠨᠠᠷ ᠴᠦ ᠬᠡᠦᠬᠡᠳ ᠤᠳ ᠲᠤ ᠪᠠᠨ ᠢᠷᠥᠭᠡᠯ ᠵᠥᠩᠨᠡᠯ ᠬᠠᠶᠢᠷᠠᠯᠠᠪᠠ᠃ ᠴᠡᠴᠡᠷᠯᠢᠭ ᠲᠤ᠂ | ᠬᠡᠦᠬᠡᠳ ᠤᠨ ᠰᠣᠨᠢᠷᠬᠠᠯ ᠢᠶᠠᠷ ᠪᠢᠯᠬᠠᠮ᠎ᠠ ᠣᠭᠲᠤᠯᠭᠠ ᠶᠢᠨ ᠲᠠᠯᠠᠪᠤᠷ ᠢ ᠪᠠᠶᠢᠷᠢᠯᠠᠭᠤᠯᠵᠤ᠂ ᠭᠡᠷ ᠤᠨ ᠭᠠᠳᠠᠨᠠᠬᠢ | ᠬᠥᠳᠡᠯᠭᠡᠭᠡᠨ ᠢ ᠡᠯᠪᠡᠭ ᠪᠠᠶᠠᠯᠢᠭ ᠪᠡᠯᠡᠳᠬᠡᠵᠡᠶ᠃ ᠠᠩᠭᠢ ᠶᠢᠨ ᠭᠡᠷ ᠲᠤ᠂ ᠪᠠᠭᠰᠢ ᠬᠡᠦᠬᠡᠳ ᠤᠳ ᠲᠣᠭᠤᠷᠢᠨ | ᠰᠠᠭᠤᠵᠠᠭᠠᠵᠤ᠂ ᠠᠮᠠᠷᠠᠯᠲᠠ ᠶᠢᠨ ᠬᠤᠭᠤᠴᠠᠭᠠᠨ ᠤ ᠰᠣᠨᠢᠷᠬᠠᠯᠲᠠᠶ ᠤᠴᠢᠷ ᠢᠶᠠᠨ ᠬᠤᠪᠢᠶᠠᠯᠴᠠᠨ᠎ᠠ᠃ ᠬᠡᠦᠬᠡᠳ ᠤᠳ | ᠪᠠᠭᠰᠢ ᠶᠢᠨ ᠢᠶᠠᠨ ᠵᠢᠯᠣᠭᠤᠳᠤᠯᠭ᠎ᠠ ᠪᠠᠷ ᠮᠠᠰᠢ ᠲᠦᠷᠭᠡᠨ ᠢᠶᠠᠷ ᠬᠠᠮᠲᠤ ᠶᠢᠨ ᠠᠮᠢᠳᠤᠷᠠᠯ ᠳᠤ ᠠᠭᠤᠰᠤᠯᠴᠠᠵᠤ᠂ ᠪᠠᠶᠠᠷ | ᠪᠠᠶᠠᠰᠤᠯ ᠲᠠᠢ ᠪᠠᠷ ᠦᠰᠦᠨ ᠪᠣᠶᠢᠵᠢᠬᠤ ᠰᠢᠨ᠎ᠡ ᠬᠠᠭᠤᠳᠠᠰᠤ ᠪᠠᠨ ᠨᠡᠭᠡᠭᠡᠭᠰᠡᠨ ᠪᠠᠶᠢᠨ᠎ᠠ᠃ | | | | ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠭᠤᠷ ᠠᠮᠢᠰᠬᠤᠯ᠂ ᠰᠢᠨ᠎ᠡ ᠠᠶᠠᠨ ᠵᠠᠮ᠂ ᠠᠷᠤ | ᠬᠤᠷᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠤᠯᠭ᠎ᠠ | ᠡᠬᠢᠯᠡᠬᠦ ᠠᠵᠢᠯ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠬᠦ ᠳᠤ ᠭᠦᠢᠴᠡᠣᠨ ᠰᠠᠶᠢᠨ ᠰᠠᠭᠤᠷᠢ | ᠲᠠᠯᠪᠢᠵᠠᠶ᠃ ᠰᠢᠨ᠎ᠡ ᠨᠢᠭᠡᠨ ᠵᠢᠯ ᠳᠤ ᠪᠥᠬᠦ ᠪᠠᠭᠰᠢ ᠰᠤᠷᠤᠭᠴᠢᠳ ᠰᠢᠨ᠎ᠡ ᠳᠦᠷᠰᠦ ᠪᠠᠶᠢᠳᠡᠯ ᠢᠶᠠᠷ ᠴᠢᠷᠮᠠᠶᠢᠨ | ᠲᠡᠮᠡᠴᠡᠵᠦ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠵᠠᠮ ᠳᠤ ᠬᠠᠮᠲᠤᠪᠠᠷ ᠡᠷᠡᠯᠬᠡᠭᠯᠡᠨ ᠤᠷᠤᠭᠰᠢᠯᠠᠬᠤ | ᠪᠣᠯᠤᠨ᠎ᠠ᠃ ︵ᠤᠷᠭᠤᠮᠠᠯ᠂ ᠴᠠᠯᠮᠡᠭ︶ | | | | |