ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠬᠤᠲᠠ ᠲᠣᠭᠤᠷᠢᠭ ᠤᠨ ᠬᠦᠩ ᠶᠤᠸᠠᠨ ᠵᠡᠭᠡᠯᠢ᠂ | ᠾᠧ ᠫᠢᠩ ᠭᠤᠳᠤᠮᠵᠢ᠂ ᠱᠧᠩ ᠯᠢ ᠵᠡᠭᠡᠯᠢ᠂ ᠯᠦ ᠪᠦᠦ ᠱᠤᠭᠤᠮ ᠤᠨ ᠵᠡᠭᠦᠨ ᠬᠡᠰᠡᠭ᠂ ᠾᠧ ᠫᠢᠩ ᠪᠠᠷᠠᠭᠤᠨ ᠵᠡᠭᠡᠯᠢ | ᠶᠢᠨ ᠵᠠᠮ᠂ ᠳᠠᠮᠵᠢᠭᠤᠯᠬᠤ ᠬᠤᠭᠤᠯᠠᠶ ᠳᠤ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ ᠠᠵᠢᠯ ᠤᠳᠠᠯ ᠥᠬᠡᠶ | ᠥᠷᠨᠢᠭᠦᠯᠬᠦ ᠶᠢᠨ ᠤᠴᠢᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾ ᠶᠢᠨ ᠲᠣᠭᠲᠠᠭᠠᠯ ᠢ ᠥᠨᠳᠦᠰᠦᠯᠠᠨ᠂ ᠨᠠᠭᠠᠰᠢ ᠴᠠᠭᠠᠰᠢ ᠥᠩᠭᠡᠷᠡᠨ ᠶᠠᠪᠤᠬᠤ ᠲᠡᠷᠭᠡ ᠬᠥᠰᠬᠡ | ᠪᠠ ᠶᠠᠪᠠᠭᠠᠨ ᠬᠥᠮᠦᠨ ᠤ ᠠᠮᠤᠷ ᠲᠥᠪᠰᠢᠨ ᠵᠢᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠤᠤᠷᠠᠬᠢ | ᠵᠠᠮ ᠤᠨ ᠬᠡᠰᠡᠭ ᠢ ᠪᠢᠲᠡᠭᠦᠮᠵᠢᠯᠡᠨ ᠪᠠᠷᠢᠯᠭ᠎ᠠ ᠶᠢᠨ ᠠᠵᠢᠯ ᠥᠷᠨᠢᠭᠦᠯᠬᠦ ᠪᠠᠷ ᠲᠣᠭᠲᠠᠪᠠ᠃ ᠣᠳᠣ ᠬᠤᠯᠪᠣᠭᠳᠠᠯ | ᠪᠦᠬᠦᠢ ᠵᠦᠢᠯᠡᠰ ᠢ ᠳᠤᠤᠷᠠᠬᠢ ᠮᠡᠲᠦ ᠮᠡᠳᠡᠭᠲᠡᠶᠠ᠄ | ᠨᠢᠭᠡ᠂ ᠵᠠᠮ ᠢ ᠪᠢᠲᠡᠭᠦᠮᠵᠢᠯᠡᠨ ᠪᠠᠷᠢᠯᠭ᠎ᠠ ᠶᠢᠨ ᠠᠵᠢᠯ ᠥᠷᠨᠢᠭᠦᠯᠬᠦ ᠵᠠᠮ ᠤᠨ ᠬᠡᠰᠡᠭ᠄ ᠭᠦᠩ ᠶᠤᠸᠠᠨ | ᠵᠡᠭᠡᠯᠢ ︵ᠪᠠᠷᠠᠭᠤᠨ ᠵᠠᠬ᠎ᠠ ᠳᠡᠯᠭᠡᠭᠦᠷ ᠵᠠᠮ-ᠤᠣ ᠮᠥᠷᠡᠨ ᠵᠠᠮ︶᠂ ᠾᠧ ᠫᠢᠩ ᠭᠤᠳᠤᠮᠵᠢ ︵ᠪᠠᠷᠠᠭᠤᠨ ᠵᠠᠬ᠎ᠠ | ᠳᠡᠯᠭᠡᠭᠦᠷ ᠵᠠᠮ - ᠤᠣ ᠮᠥᠷᠡᠨ ᠵᠠᠮ︶᠂ ᠱᠧᠩ ᠯᠢ ᠵᠡᠭᠡᠯᠢ ︵ᠪᠠᠷᠠᠭᠤᠨ ᠵᠠᠬ᠎ᠠ ᠳᠡᠯᠭᠡᠭᠦᠷ ᠵᠠᠮ- ᠤᠣ ᠮᠥᠷᠡᠨ | ᠵᠠᠮ︶᠂ ᠯᠦ ᠪᠦᠦ ᠱᠤᠭᠤᠮ ᠤᠨ ᠵᠡᠭᠦᠨ ᠬᠡᠰᠡᠭ ︵ᠦᠯᠵᠡᠶᠢᠮᠦ᠋ᠷᠡᠨ ᠵᠡᠭᠡᠯᠢ-ᠴᠢᠪᠠᠭ᠎ᠠ ᠶᠢᠨ ᠡᠮᠦᠨ᠎ᠡ ᠬᠥᠭᠦᠷᠭᠡ︶᠂ | ᠾᠧ ᠫᠢᠩ ᠪᠠᠷᠠᠭᠤᠨ ᠵᠡᠭᠡᠯᠢ ︵ᠢ ᠮᠢᠨ ᠵᠠᠮ -ᠬᠤᠩ ᠰᠢᠩ ᠬᠥᠭᠦᠷᠭᠡ︶᠃ | ᠬᠤᠶᠠᠷ᠂ ᠪᠢᠲᠡᠭᠦᠮᠵᠢᠯᠡᠬᠦ ᠬᠤᠭᠤᠴᠠᠭ᠎ᠠ᠄ 2025 ᠣᠨ ᠤ 3 ᠰᠠᠷ᠎ᠠ ᠶᠢᠨ 10 ᠤ ᠡᠳᠦᠷ ᠠᠴᠠ 2025 | ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠃ | ᠭᠤᠷᠪᠠ᠂ ᠪᠠᠷᠢᠯᠭ᠎ᠠ ᠶᠢᠨ ᠠᠵᠢᠯ ᠤᠨ ᠠᠭᠤᠯᠭ᠎ᠠ᠄ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ᠂ | ᠤᠰᠤ ᠭᠠᠳᠠᠭᠰᠢᠯᠠᠭᠤᠯᠬᠤ ᠰᠢᠰᠲ᠋ᠧᠮ ᠢ ᠰᠢᠨᠡᠳᠬᠡᠨ ᠥᠭᠡᠷᠡᠴᠢᠯᠡᠨ᠎ᠡ᠃ | ᠳᠥᠷᠪᠡ᠂ ᠠᠩᠬᠠᠷᠬᠤ ᠵᠦᠢᠯᠡᠰ᠄ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠢ ᠪᠢᠲᠡᠭᠦᠮᠵᠢᠯᠡᠬᠦ | ᠬᠤᠭᠤᠴᠠᠭᠠᠨ ᠳᠤ᠂ ᠲᠤᠰ ᠵᠠᠮ ᠤᠨ ᠬᠡᠰᠡᠭ ᠢᠶᠠᠷ ᠶᠠᠪᠤᠨ ᠥᠩᠭᠡᠷᠡᠬᠦ ᠲᠡᠷᠭᠡ ᠬᠥᠰᠬᠡ ᠪᠠ ᠶᠠᠪᠠᠭᠠᠨ ᠬᠥᠮᠦᠨ ᠵᠠᠮ | ᠬᠠᠷᠢᠯᠴᠠᠭᠠᠨ ᠤ ᠢᠯᠡᠷᠬᠡᠶᠢᠯᠡᠯ ᠲᠡᠮᠳᠡᠭ ᠶᠣᠰᠣᠭᠠᠷ ᠢᠶᠠᠷ ᠶᠠᠪᠤᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠶ᠃ | ᠪᠠᠷᠢᠯᠭ᠎ᠠ ᠶᠢᠨ ᠠᠵᠢᠯ ᠨᠢ ᠡᠷᠭᠢᠨ ᠲᠣᠭᠤᠷᠢᠨ ᠤ ᠣᠯᠠᠨ ᠲᠦᠮᠡᠨ ᠪᠠ ᠲᠡᠷᠭᠡ ᠬᠥᠰᠬᠡ ᠶᠢᠨ ᠠᠶᠠᠯᠠᠯ ᠳᠤ ᠳᠥᠭᠦᠮ | ᠪᠤᠰᠤ ᠠᠪᠴᠢᠷᠠᠬᠤ ᠲᠤᠯᠠ ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠦᠰᠡᠬᠦ ᠶᠢᠨ ᠬᠠᠮᠲᠤ ᠬᠠᠷᠢᠯᠴᠠᠨ | ᠳᠠᠮᠵᠢᠭᠤᠯᠤᠨ ᠮᠡᠳᠡᠭᠳᠡᠬᠦ ᠶᠢ ᠬᠥᠰᠡᠶ᠎ᠡ᠃ | | ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 2 ᠰᠠᠷ᠎ᠠ ᠶᠢᠨ 26 ᠤ ᠡᠳᠦᠷ |