ᠠᠷᠤ ᠬᠤᠷᠴᠢᠨ ᠬᠤᠰᠢᠭᠤᠨ ᠤ ᠴᠢᠪᠠᠭ᠎ᠠ ᠶᠢᠨ ᠡᠮᠦᠨ᠎ᠠ ᠵᠠᠮ ᠤᠨ ᠬᠡᠰᠡᠭ ᠲᠤ ᠵᠠᠮ ᠵᠢᠴᠢ ᠳᠠᠮᠵᠢᠭᠤᠯᠬᠤ | ᠬᠤᠭᠤᠯᠠᠶ ᠶᠢᠨ ᠪᠠᠷᠢᠯᠭ᠎ᠠ ᠶᠢᠨ ᠠᠵᠢᠯ ᠤᠳᠠᠯ ᠦᠭᠡᠢ ᠥᠷᠨᠢᠭᠦᠯᠬᠦ ᠪᠠᠷ ᠪᠤᠢ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠢ | ᠦᠨᠳᠦᠰᠦᠯᠠᠨ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠶᠠᠪᠠᠭᠠᠨ ᠬᠥᠮᠦᠨ ᠤ ᠠᠮᠤᠷ ᠲᠦᠪᠰᠢᠨ ᠵᠢᠴᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ | ᠪᠠᠷᠢᠯᠭ᠎ᠠ ᠶᠢᠨ ᠬᠤᠭᠤᠴᠠᠭᠠᠨ ᠳᠤ ᠲᠤᠰ ᠭᠡᠰᠡᠭ ᠵᠠᠮ ᠢ ᠪᠢᠲᠡᠭᠦᠮᠵᠢᠯᠡᠬᠦ ᠪᠠᠷ ᠲᠣᠭᠲᠠᠪᠠ᠂ ᠡᠳᠦᠭᠡ ᠬᠠᠮᠢᠶ᠎ᠠ ᠪᠦᠬᠦᠢ | ᠵᠦᠢᠯᠡᠰ ᠢ ᠳᠤᠤᠷᠠᠬᠢ ᠮᠡᠲᠦ ᠮᠡᠳᠡᠭᠲᠡᠶᠠ᠄ | ᠨᠢᠭᠡ᠂ ᠪᠢᠲᠡᠭᠦᠮᠵᠢᠯᠡᠬᠦ ᠵᠠᠮ ᠤᠨ ᠬᠡᠰᠡᠭ᠄ ᠴᠢᠪᠠᠭ᠎ᠠ ᠶᠢᠨ ᠡᠮᠦᠨ᠎ᠠ ᠵᠠᠮ ︵ᠯᠦ ᠪᠦᠦ ᠱᠤᠭᠤᠮ - | ᠦᠯᠵᠡᠶᠢᠮᠦ᠋ᠷᠡᠨ ᠵᠡᠭᠡᠯᠢ︶ | ᠬᠤᠶᠠᠷ᠂ ᠪᠢᠲᠡᠭᠦᠮᠵᠢᠯᠡᠬᠦ ᠬᠤᠭᠤᠴᠠᠭ᠎ᠠ᠄ 2025 ᠣᠨ ᠤ 3 ᠰᠠᠷ᠎ᠠ ᠶᠢᠨ 10 ᠤ ᠡᠳᠦᠷ ᠠᠴᠠ ᠡᠬᠢᠯᠡᠨ | 2025 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠃ | ᠭᠤᠷᠪᠠ᠂ ᠪᠠᠷᠢᠯᠭ᠎ᠠ ᠶᠢᠨ ᠠᠵᠢᠯ ᠤᠨ ᠠᠭᠤᠯᠭ᠎ᠠ᠄ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ᠂ | ᠤᠰᠤ ᠭᠠᠳᠠᠭᠰᠢᠯᠠᠭᠤᠯᠬᠤ ᠰᠢᠰᠲ᠋ᠧᠮ ᠢ ᠰᠢᠨᠡᠳᠬᠡᠨ ᠥᠭᠡᠷᠡᠴᠢᠯᠡᠨ᠎ᠡ᠃ | ᠳᠥᠷᠪᠡ᠂ ᠠᠩᠬᠠᠷᠬᠤ ᠵᠦᠢᠯᠡᠰ᠄ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠢ ᠪᠢᠲᠡᠭᠦᠮᠵᠢᠯᠡᠬᠦ | ᠬᠤᠭᠤᠴᠠᠭᠠᠨ ᠳᠤ᠂ ᠲᠤᠰ ᠵᠠᠮ ᠤᠨ ᠬᠡᠰᠡᠭ ᠢᠶᠠᠷ ᠶᠠᠪᠤᠨ ᠥᠩᠭᠡᠷᠡᠬᠦ ᠲᠡᠷᠭᠡ ᠬᠥᠰᠬᠡ ᠪᠠ ᠶᠠᠪᠠᠭᠠᠨ ᠬᠥᠮᠦᠨ ᠵᠠᠮ | ᠬᠠᠷᠢᠯᠴᠠᠭᠠᠨ ᠤ ᠢᠯᠡᠷᠬᠡᠶᠢᠯᠡᠯ ᠲᠡᠮᠳᠡᠭ ᠶᠣᠰᠣᠭᠠᠷ ᠢᠶᠠᠷ ᠶᠠᠪᠤᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠶ᠃ | ᠪᠠᠷᠢᠯᠭ᠎ᠠ ᠶᠢᠨ ᠠᠵᠢᠯ ᠨᠢ ᠡᠷᠭᠢᠨ ᠲᠣᠭᠤᠷᠢᠨ ᠤ ᠣᠯᠠᠨ ᠲᠦᠮᠡᠨ ᠪᠠ ᠲᠡᠷᠭᠡ ᠬᠥᠰᠬᠡ ᠶᠢᠨ ᠠᠶᠠᠯᠠᠯ ᠳᠤ ᠳᠥᠭᠦᠮ | ᠪᠤᠰᠤ ᠠᠪᠴᠢᠷᠠᠬᠤ ᠲᠤᠯᠠ ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠦᠰᠡᠬᠦ ᠶᠢᠨ ᠬᠠᠮᠲᠤ ᠬᠠᠷᠢᠯᠴᠠᠨ | ᠳᠠᠮᠵᠢᠭᠤᠯᠤᠨ ᠮᠡᠳᠡᠭᠳᠡᠬᠦ ᠶᠢ ᠬᠥᠰᠡᠶ᠎ᠡ᠃ | | ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 2 ᠰᠠᠷ᠎ᠠ ᠶᠢᠨ 26 ᠤ ᠡᠳᠦᠷ |