ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠬᠤᠰᠢᠭᠤ ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ︽ᠵᠠᠮ ᠬᠠᠷᠢᠯᠴᠠᠭᠠᠨ ᠤ ᠲᠤᠤᠷ︾ ᠢ ᠲᠦᠷᠭᠡᠳᠬᠡᠨ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/2/28
       ᠤᠶᠢᠷ᠎ᠡ ᠶᠢᠨ ᠵᠢᠯ ᠳᠤ᠂ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠭᠤᠤᠯ ᠪᠣᠯᠭᠠᠵᠤ᠂ ᠬᠤᠰᠢᠭᠤ ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ︽ᠵᠠᠮ ᠬᠠᠷᠢᠯᠴᠠᠭᠠᠨ ᠤ ᠲᠤᠤᠷ︾ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠤ᠂ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ᠂ ᠠᠷᠠᠴᠢᠯᠠᠨ ᠬᠠᠮᠠᠭᠠᠯᠠᠬᠤ ᠰᠢᠰᠲ᠋ᠧᠮ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠤᠷ ᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠪᠠᠲᠤ ᠪᠠᠬᠢ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠵᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
       ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ︽ᠬᠤᠶᠠᠷ ᠬᠥᠨᠳᠡᠯᠡᠨ᠂ ᠬᠤᠶᠠᠷ ᠭᠤᠯᠳᠤ᠂ ᠬᠤᠷᠢᠨ ᠲᠣᠭᠤᠷᠢᠯ᠂ ᠬᠤᠷᠢᠨ ᠳᠥᠷᠪᠡᠨ ᠭᠠᠷᠬᠤ ᠡᠭᠦᠳᠡ᠂ ᠲᠣᠰᠬᠤᠨ ᠪᠣᠯᠭᠠᠨ ᠳᠤ ᠨᠡᠪᠲᠡᠷᠡᠬᠦ︾ ᠵᠠᠰᠠᠮᠠᠯ ᠵᠠᠮ ᠤᠨ ᠶᠡᠷᠦᠩᠬᠡᠶ ᠪᠠᠶᠢᠷᠢᠯᠠᠭᠤᠯᠤᠯᠲᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠲᠦᠰᠣᠪᠯᠡᠨ ᠨᠥᠭᠡᠴᠡᠯᠡᠵᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ 2024 ᠣᠨ ᠳᠤ ᠳᠡᠭᠡᠳᠦ ᠱᠠᠳᠤᠨ ᠤ ᠨᠦᠬᠦᠪᠣᠷᠢ ᠮᠥᠩᠭᠦ ᠶᠢ ᠨᠡᠶᠢᠲᠡ 1.8 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠵᠠᠰᠠᠮᠠᠯ ᠵᠠᠮ ᠤᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠪᠠᠲᠤ ᠪᠠᠬᠢ  ᠪᠡᠯᠡ  ᠮᠥᠩᠭᠦᠨ  ᠤ  ᠪᠠᠲᠤᠯᠠᠭ᠎ᠠ  ᠬᠠᠩᠭᠠᠭᠰᠠᠨ  ᠪᠠᠶᠢᠨ᠎ᠠ᠃ ᠡᠳᠡᠭᠡᠷ ᠪᠠᠯᠡ ᠮᠥᠩᠭᠦᠨ ᠤ ᠣᠷᠣᠭᠤᠯᠤᠯᠲᠠ ᠨᠢ ᠬᠤᠰᠢᠭᠤ ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ᠲᠤᠤᠷ ᠤᠨ ᠲᠡᠭᠦᠯᠳᠡᠷᠵᠢᠯᠲᠠ ᠶᠢ ᠲᠦᠷᠭᠡᠳᠬᠡᠭᠰᠡᠨ ᠢᠶᠠᠷ ᠪᠠᠷᠠᠬᠤ ᠦᠭᠡᠶ ᠪᠠᠰᠠ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠪᠠᠲᠤ ᠪᠠᠬᠢ ᠰᠠᠭᠤᠷᠢ ᠲᠠᠯᠪᠢᠪᠠ᠃
       ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠲᠠᠯ᠎ᠠ ᠪᠠᠷ᠂ ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠬᠠᠷᠠᠯᠲᠠ ᠶᠢᠨ ᠲᠣᠭᠤᠷᠢᠨ ᠳᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠵᠡᠷᠭᠡ ᠪᠠᠷ ᠴᠢᠬᠤᠯᠠᠴᠢᠯᠠᠬᠤ᠂ ᠲᠡᠩᠴᠡᠭᠦᠷᠢᠲᠡᠶ ᠬᠥᠭᠵᠢᠭᠦᠯᠬᠦ ᠲᠡᠰᠢ ᠬᠤᠪᠢᠷᠠᠭᠤᠯᠪᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤᠨ ᠳᠡᠰ᠂ ᠰᠤᠮᠤ ᠰᠢᠶᠠᠩ ᠪᠠᠯᠭᠠᠰᠤᠨ ᠤ ᠳᠡᠰ᠂ ᠭᠠᠴᠠᠭ᠎ᠠ ᠲᠣᠰᠬᠤᠨ ᠤ ᠳᠡᠰ ᠤᠨ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ ᠬᠠᠮᠵᠢᠯᠴᠠᠭ᠎ᠠ ᠪᠠᠷ ᠳᠠᠮᠵᠢᠨ᠂ ︽ᠲᠥᠷᠥᠯ ᠵᠦᠢᠯ ᠢᠶᠠᠷ ᠠᠵᠢᠯ ᠢᠶᠠᠨ ᠬᠤᠪᠢᠶᠠᠷᠢᠯᠠᠵᠤ᠂ ᠬᠠᠷᠢᠯᠴᠠᠨ ᠬᠠᠪᠰᠣᠷᠣᠯᠴᠠᠵᠤ᠂ ᠬᠠᠷᠢᠯᠴᠠᠨ ᠲᠤᠰᠠᠯᠠᠬᠤ︾ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠰᠢᠰᠲ᠋ᠧᠮ ᠢ ᠪᠦᠷᠢᠯᠳᠦᠭᠦᠯᠪᠡ  ᠃ ᠣᠳᠣᠬᠠᠨ ᠳᠤ᠂ ᠨᠢᠭᠡᠨᠲᠡ 7 ᠵᠤᠷᠪᠤᠰ ᠰᠢᠶᠠᠨ ᠤ ᠵᠠᠮ᠂ 54 ᠵᠤᠷᠪᠤᠰ ᠰᠢᠶᠠᠩ ᠤᠨ ᠵᠠᠮ᠂ 220 ᠵᠤᠷᠪᠤᠰ ᠲᠣᠰᠬᠤᠨ ᠤ ᠵᠠᠮ ᠳᠤ ︽ᠬᠠᠮᠢᠶᠠᠷᠤᠭᠴᠢ︾ ᠲᠣᠬᠢᠷᠠᠭᠤᠯᠤᠭᠰᠠᠨ ᠪᠥᠭᠡᠳ ᠵᠠᠰᠠᠮᠠᠯ ᠵᠠᠮ ᠨᠢᠭᠡᠪᠦᠷᠢ ᠶᠢᠨ ︽ᠨᠢᠭᠡ ᠳᠠᠷᠤᠭ᠎ᠠ ᠭᠤᠷᠪᠠᠨ ᠠᠵᠢᠯᠲᠠᠨ︾ ᠵᠢᠴᠢ ᠠᠵᠢᠯ ᠤᠨ ᠡᠭᠦᠷᠭᠡ  ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠤ᠂ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃
       ᠬᠥᠳᠡᠭᠡ ᠲᠣᠰᠬᠤᠨ ᠤ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠴᠢᠳᠠᠪᠤᠷᠢ ᠶᠢ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠲᠠᠯ᠎ᠠ ᠪᠠᠷ᠂ ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠨ ᠬᠠᠮᠠᠭᠠᠯᠠᠯᠲᠠ᠂ ᠡᠵᠡᠩᠨᠡᠯᠲᠠ ᠶᠢᠨ ᠵᠣᠬᠢᠴᠡᠩᠭᠤᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃2024 ᠣᠨ ᠳᠤ᠂ ᠨᠡᠶᠢᠲᠡ 48.9 ᠺᠢᠯᠤᠮᠧᠲᠷ ᠤᠷᠳᠤ ᠵᠠᠰᠠᠮᠠᠯ ᠵᠠᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ 7 ᠬᠥᠭᠦᠷᠭᠡ ᠶᠢ ᠰᠢᠨ᠎ᠡ ᠪᠠᠷ ᠪᠠᠶᠢᠭᠤᠯᠣᠡᠡᠰᠡᠨ ᠪᠠ ᠥᠭᠡᠷᠡᠴᠢᠯᠡᠨ ᠵᠠᠰᠠᠵᠤ᠂ 35.3  ᠺᠢᠯᠤᠮᠧᠲᠷ ᠣᠷᠳᠣ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ 73.5 ᠺᠢᠯᠣᠮᠧᠲᠷ ᠣᠷᠳᠣ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠠᠷᠠᠴᠢᠯᠠᠯᠲᠠ ᠬᠠᠮᠠᠭᠠᠯᠠᠯᠲᠠ ᠬᠢᠪᠡ᠃ ᠡᠳᠡᠭᠡᠷ ᠲᠥᠷᠥᠯ ᠵᠦᠢᠯ ᠢ ᠬᠡᠷᠡᠭᠵᠢᠭᠦᠯᠦᠭᠰᠡᠨ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠪᠠ ᠠᠮᠤᠷ ᠲᠦᠪᠰᠢᠨ ᠴᠢᠨᠠᠷ ᠢ ᠢᠯᠡᠳᠲᠡ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠶ ᠪᠠᠰᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠳᠠ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
       ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ᠬᠤᠰᠢᠭᠤ ᠰᠢᠶᠠᠨ ᠤ ᠬᠡᠪᠴᠢᠶᠡᠨ ᠤ ᠵᠠᠰᠠᠮᠠᠯ ᠵᠠᠮ ᠤᠨ       ︽ᠵᠠᠮ ᠬᠠᠷᠢᠯᠴᠠᠭᠠᠨ ᠤ ᠲᠤᠤᠷ︾ ᠢ ᠲᠦᠷᠭᠡᠳᠬᠡᠨ ᠪᠠᠶᠢᠭᠤᠯᠬᠤ ᠪᠠᠷ ᠳᠠᠮᠵᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠭᠰᠠᠨ ᠢᠶᠠᠷ ᠪᠠᠷᠠᠬᠤ ᠦᠭᠡᠶ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ᠦᠷᠭᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠷ ᠡᠭᠦᠷᠭᠡ ᠬᠠᠷᠢᠭᠤᠴᠠᠯᠭ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠤᠷ ᠰᠦᠯᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠬᠥᠳᠡᠭᠡ ᠲᠣᠰᠬᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号