ᠥᠷᠭᠡᠨ ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠄ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠣᠷᠢᠵᠢᠭᠤᠯᠵᠤ᠂ ᠬᠠᠤᠯᠢ ᠶᠣᠰᠣᠭᠠᠷ ᠨᠤᠲᠤᠭ ᠪᠡᠯᠴᠢᠭᠡᠷ ᠢ ᠬᠠᠮᠠᠭᠠᠯᠠᠨ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠭᠦᠯᠦᠨ ᠠᠰᠢᠭᠯᠠᠨ ᠬᠡᠷᠡᠭᠯᠡᠬᠦ ᠶᠢ | ᠪᠡᠶᠡᠯᠡᠭᠦᠯᠬᠦ ᠶᠢᠨ ᠲᠥᠯᠥᠭᠡ ᠡᠳᠦᠭᠡ ᠪᠦᠬᠦ ᠬᠤᠰᠢᠭᠤᠨ ᠤ ᠮᠠᠯᠴᠢᠨ ᠲᠠᠷᠢᠶᠠᠴᠢᠨ ᠳᠤ ᠳᠤᠤᠷᠠᠬᠢ ᠮᠡᠲᠦ ᠪᠠᠷ | ᠰᠠᠨᠠᠭᠤᠯᠤᠨ ᠮᠡᠳᠡᠭᠲᠡᠶᠡ᠄ | ᠨᠢᠭᠡ᠂ ᠲᠠᠷᠢᠶᠠᠯᠠᠬᠤ ᠣᠷᠣᠨ᠂ ᠣᠢ ᠰᠢᠭᠤᠶ ᠶᠢᠨ ᠲᠠᠯᠠᠪᠠᠢ᠂ ᠡᠯ᠎ᠡ ᠱᠠᠳᠤᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠪᠠ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ ᠪᠦᠬᠦ ᠵᠢᠯ ᠤᠨ | ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ᠂ ᠮᠠᠯᠵᠢᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠣᠷᠣᠨ ᠳᠤ ᠤᠯᠠᠷᠢᠯ ᠤᠨ ᠴᠢᠨᠠᠷ ᠲᠠᠢ ᠪᠡᠯᠴᠢᠭᠡᠷ ᠢ ᠰᠡᠷᠭᠦᠭᠡᠬᠦ ᠳᠦᠷᠢᠮ ᠢ ᠬᠡᠷᠩᠵᠢᠭᠦᠯᠤᠨᠠ᠃ | ᠬᠤᠶᠠᠷ᠂ ᠵᠢᠯ ᠪᠦᠷᠢ ᠶᠢᠨ 3 ᠰᠠᠷ᠎ᠠ ᠶᠢᠨ 1 ᠤ ᠡᠳᠦᠷ - 6 ᠰᠠᠷ᠎ᠠ ᠶᠢᠨ 15 ᠤ ᠡᠳᠦᠷ ᠤᠨ | ᠬᠤᠭᠤᠴᠠᠭᠠᠨ ᠳᠤ ᠤᠯᠠᠷᠢᠯ ᠤᠨ ᠴᠢᠨᠠᠷ ᠲᠠᠢ ᠪᠡᠯᠴᠢᠭᠡᠷ ᠢ ᠰᠡᠷᠭᠦᠭᠡᠬᠦ ᠳᠦᠷᠢᠮ ᠢ ᠬᠡᠷᠡᠭᠵᠢᠭᠦᠯᠦᠨ᠂ ᠪᠥᠬᠦ | ᠬᠤᠰᠢᠭᠤᠨ ᠤ ᠪᠥᠬᠦ ᠬᠢᠵᠠᠭᠠᠷ ᠬᠡᠪᠴᠢᠶ᠎ᠡ ᠳᠤ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ ᠢ | ᠬᠡᠷᠡᠭᠵᠢᠭᠦᠯᠵᠦ᠂ ᠰᠥᠨᠢ ᠪᠠᠷ ᠪᠡᠯᠴᠢᠭᠡᠷᠯᠡᠭᠦᠯᠬᠦ᠂ ᠬᠤᠯᠠᠭᠠᠶ ᠪᠠᠷ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠡᠷᠡᠰ | ᠲᠠᠪᠴᠢᠨ ᠬᠤᠷᠢᠡᠡᠯᠠᠨ᠎ᠠ᠃ | ᠭᠤᠷᠪᠠ᠂ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠠᠵᠢᠯ ᠢ ᠤᠷᠢᠳᠴᠢᠯᠠᠨ ᠰᠠᠶᠢᠳᠣᠷ ᠬᠢᠬᠦ | ᠬᠡᠷᠡᠭᠲᠡᠶ᠃ ᠥᠷᠭᠡᠨ ᠣᠯᠠᠨ ᠮᠠᠯᠴᠢᠨ ᠲᠠᠷᠢᠶᠠᠴᠢᠨ ᠬᠤᠪᠢ ᠶᠢᠨ ᠮᠠᠯ ᠮᠠᠯᠠᠯᠭ᠎ᠠ ᠶᠢᠨ ᠪᠣᠳᠠᠲᠠᠶ ᠪᠠᠶᠢᠳᠡᠯ ᠢᠶᠠᠨ | ᠦᠨᠳᠦᠰᠦᠯᠡᠨ᠂ ᠲᠡᠵᠢᠭᠡᠯ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠬᠤ ᠪᠠ ᠨᠥᠭᠡᠴᠡᠯᠡᠬᠦ | ᠠᠵᠢᠯ ᠢᠶᠠᠨ ᠤᠷᠢᠳᠴᠢᠯᠠᠨ ᠰᠠᠶᠢᠳᠣᠷ ᠬᠢᠭᠡᠷᠡᠶ᠃ | ᠳᠥᠷᠪᠡ᠂ ᠮᠠᠯ ᠤᠨ ᠭᠠᠷᠭᠠᠯᠲᠠ ᠶᠢᠨ ᠲᠥᠯᠥᠪᠯᠡᠭᠡ ᠪᠠᠨ ᠤᠷᠢᠳᠴᠢᠯᠠᠨ ᠰᠠᠶᠢᠳᠣᠷ ᠲᠥᠯᠥᠪᠵᠢᠭᠦᠯᠬᠦ | ᠬᠡᠷᠡᠭᠲᠡᠶ᠃ ᠥᠷᠭᠡᠨ ᠣᠯᠠᠨ ᠮᠠᠯᠴᠢᠨ ᠲᠠᠷᠢᠶᠠᠴᠢᠨ ᠳᠣᠷᠣᠢ ᠪᠠᠭᠤᠷᠠᠶ ᠮᠠᠯ ᠤᠨ ᠭᠠᠷᠭᠠᠯᠲᠠ ᠶᠢᠨ ᠡᠷᠴᠢᠮ ᠢᠶᠠᠨ | ᠵᠣᠬᠢᠬᠤ ᠬᠡᠮᠵᠢᠶ᠎ᠡ ᠪᠠᠷ ᠴᠢᠩᠭᠠᠷᠠᠭᠤᠯᠤᠨ᠂ ᠴᠢᠨᠠᠷ ᠰᠠᠶᠢᠲᠠᠶ ᠮᠠᠯ ᠢ ᠣᠷᠣᠭᠤᠯᠤᠨ ᠠᠪᠴᠢᠷᠠᠵᠤ᠂ ︽ᠴᠥᠭᠡᠨ | ᠲᠡᠵᠢᠭᠡᠵᠦ᠂ ᠨᠠᠷᠢᠯᠢᠭ ᠲᠡᠵᠢᠭᠡᠬᠦ︾ ᠶᠢ ᠪᠡᠶᠠᠯᠡᠭᠦᠯᠦᠨ᠂ ᠥᠪᠡᠷ ᠤᠨ ᠬᠠᠰᠢᠶᠠᠯᠠᠨ ᠲᠡᠵᠢᠭᠡᠬᠦ ᠳᠠᠷᠤᠯᠲᠠ ᠪᠠᠨ | ᠬᠥᠩᠭᠡᠷᠡᠭᠦᠯᠦᠭᠡᠷᠡᠶ᠃ | ᠲᠠᠪᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ ᠥᠪᠡᠷ ᠢ ᠪᠠᠨ | ᠴᠢᠩᠭ᠎ᠠ ᠱᠠᠭᠠᠷᠳᠠᠨ ᠬᠢᠵᠠᠭᠠᠷᠯᠠᠬᠤ ᠬᠡᠷᠡᠭᠲᠡᠶ᠃ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ | ᠬᠤᠭᠤᠴᠠᠭᠠᠨ ᠳᠤ᠂ ᠮᠠᠨ ᠤ ᠬᠤᠰᠢᠭᠤ ᠬᠠᠤᠯᠢ ᠬᠡᠷᠡᠭᠵᠢᠭᠦᠯᠬᠦ ᠬᠦᠴᠦᠨ ᠢᠶᠠᠨ ᠨᠢᠭᠡᠳᠬᠡᠨ᠂ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ ᠶᠢᠨ ᠳᠣᠣᠷᠵᠢᠭᠤᠯᠤᠭᠰᠠᠨ ᠬᠢᠨᠠᠨ | ᠬᠠᠮᠢᠶᠠᠷᠤᠯᠲᠠ ᠶᠢ ᠶᠠᠪᠤᠭᠤᠯᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠡᠩᠨᠡᠭᠡ ᠠᠴᠠ ᠪᠦᠬᠦ ᠬᠤᠰᠢᠭᠤᠨ ᠤ | ᠬᠡᠪᠴᠢᠶᠡᠨ ᠳᠤ ᠲᠠᠰᠤᠷᠠᠯᠲᠠ ᠦᠭᠡᠶ ᠲᠣᠭᠤᠷᠢᠨ ᠪᠠᠶᠢᠴᠠᠭᠠᠯᠳᠠ ᠬᠢᠵᠦ ᠬᠠᠤᠯᠢ ᠬᠡᠷᠡᠭᠵᠢᠭᠦᠯᠦᠨ᠎ᠠ᠃ | ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠰᠦᠨᠢ ᠪᠠᠷ | ᠪᠡᠯᠴᠢᠭᠡᠷᠯᠡᠬᠦᠯᠬᠦ᠂ ᠬᠤᠯᠠᠭᠠᠢ ᠪᠠᠷ ᠪᠡᠯᠴᠢᠭᠡᠷᠯᠡᠬᠦᠯᠬᠦ ᠵᠡᠷᠭᠡ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ︾ ᠶᠣᠰᠣᠭᠠᠷ ᠲᠤᠬᠠᠶ ᠶᠢᠨ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠤᠨᠢ ᠨᠢᠭᠡᠴᠢ ᠨᠢᠭᠡᠪᠦᠷᠢ ᠶᠢ 120 | ᠲᠥᠬᠦᠷᠢᠭ ᠢᠶᠠᠷ ᠲᠣᠷᠭᠠᠬᠤ ᠶᠢᠨ ᠬᠠᠮᠲᠤ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠮᠥᠩᠭᠦ ᠣᠯᠭᠤᠬᠤ | ᠪᠠᠶᠢᠳᠡᠯ ᠯᠤᠭ᠎ᠠ ᠬᠤᠯᠪᠣᠭᠳᠠᠭᠤᠯᠤᠨ᠎ᠠ᠃ | ᠥᠷᠭᠡᠨ ᠣᠯᠠᠨ ᠮᠠᠯᠴᠢᠨ ᠲᠠᠷᠢᠶᠠᠴᠢᠨ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠳᠤ ᠢᠳᠡᠪᠬᠢᠲᠡᠶ ᠣᠷᠣᠯᠴᠠᠵᠤ᠂ ᠨᠤᠲᠤᠭ ᠪᠡᠯᠴᠢᠭᠡᠷ ᠤᠨ | ᠬᠡᠷᠡᠭᠯᠡᠭᠴᠢ ᠪᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠪᠣᠯᠤᠭᠰᠡᠨ ᠤ ᠬᠤᠪᠢ ᠳᠤ᠂ | ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ | ᠳᠦᠷᠢᠮ ᠢ ᠥᠪᠡᠷ ᠠᠴᠠ ᠪᠠᠨ ᠡᠬᠢᠯᠡᠨ ᠰᠠᠶᠢᠳᠣᠷ ᠵᠢᠷᠤᠮᠯᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠣᠡᠭᠡᠨ᠂ ᠪᠢᠳᠡᠨ ᠤ ᠣᠷᠣᠰᠢᠨ ᠠᠮᠢᠳᠤᠷᠠᠬᠤ ᠠᠮᠢ ᠠᠬᠤᠶ ᠶᠢᠨ ᠣᠷᠴᠢᠨ | ᠲᠣᠭᠤᠷᠢᠨ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠥᠷᠭᠡᠨ ᠣᠯᠠᠨ ᠲᠦᠮᠡᠨ ᠬᠡᠷᠪᠡ ᠪᠡᠯᠴᠢᠭᠡᠷᠯᠡᠭᠦᠯᠬᠦ ᠶᠢ | ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠲᠣᠭᠲᠠᠭᠠᠯ ᠠᠴᠠ | ᠵᠥᠷᠢᠴᠡᠭᠰᠡᠨ ᠶᠠᠮᠠᠷᠪᠠ ᠠᠯᠢᠪᠠ ᠠᠵᠢᠯᠯᠠᠭ᠎ᠠ ᠶᠢ ᠣᠯᠵᠤ ᠮᠡᠳᠡᠪᠠᠯ᠂ ᠴᠠᠭ ᠲᠤᠬᠠᠶ ᠳᠤᠨᠢ ᠬᠤᠷᠢᠭᠯᠠᠨ | ᠵᠣᠭᠰᠣᠭᠠᠬᠤ ᠶᠢᠨ ᠬᠠᠮᠲᠤ᠂ ᠲᠤᠬᠠᠶ ᠶᠢᠨ ᠭᠠᠵᠡᠷ ᠤᠨ ᠵᠠᠰᠠᠭ ᠤᠨ ᠣᠷᠳᠣᠨ ᠪᠤᠶᠤ ᠣᠢ ᠰᠢᠭᠤᠶ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠪᠤᠯᠪᠡᠦ᠃ | | ᠬᠤᠰᠢᠭᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ | 0476 - 7230163 | ᠪᠠᠶ᠋ᠬᠠᠦ᠋ᠡᠳᠣᠷ ᠰᠤᠮᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7425003 | ᠬᠠᠨᠰᠦ᠋ᠮ᠎ᠡ ᠰᠤᠮᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7423003 | ᠬᠤᠨᠳᠣ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7410005᠂ 0476 - 7410618 | ᠰᠠᠶᠢᠬᠠᠡᠳᠠᠯᠠ ᠰᠤᠮᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7435099 | ᠵᠢᠭᠠᠰᠤᠲᠠᠶ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7450007 | ᠱᠤᠤ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7320002 | ᠪᠠᠯᠴᠢᠷᠤᠳ ᠰᠤᠮᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7348708 | ᠴᠢᠪᠠᠭ᠎ᠠ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7233315 | ᠲᠢᠶᠠᠨᠱᠠᠨᠺᠸᠤ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7330004 | ᠪᠠᠶᠠᠨᠬᠤᠸᠠ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7400059 | ᠰᠢᠶᠠᠨ ᠹᠧᠩ ᠰᠢᠶᠠᠩ ᠤᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7370003 | ᠰᠢᠨ ᠮᠢᠨ ᠰᠢᠶᠠᠩ ᠤᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7440004 | ᠱᠤᠸᠠᠩ ᠱᠧᠩ ᠪᠠᠯᠭᠠᠰᠤ ᠶᠢᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7360002 | ᠤᠯᠠᠭᠠᠨᠬᠠᠳᠠ ᠰᠢᠶᠠᠩ ᠤᠨ ᠵᠠᠰᠠᠭ ᠤᠨ ᠣᠷᠳᠣᠨ ᠤ ᠢᠯᠡᠴᠢᠯᠡᠨ ᠮᠡᠳᠡᠭᠦᠯᠬᠦ ᠤᠲᠠᠰᠤ᠄ 0476 - | 7391006 | | ᠠᠷᠤ ᠬᠤᠷᠴᠢᠨ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2025 ᠣᠨ ᠤ 2 ᠰᠠᠷ᠎ᠠ ᠶᠢᠨ 25 ᠤ ᠡᠳᠦᠷ |