2 ᠰᠠᠷ᠎ᠠ ᠶᠢᠨ 27 ᠤ ᠡᠳᠦᠷ᠂ ᠠᠷᠤ ᠬᠤᠷᠴᠢᠨ ᠬᠤᠰᠢᠭᠤᠨ ᠤ ᠮᠦᠽᠧᠶ ᠨᠢ ᠬᠠᠨ ᠠᠭᠤᠯᠠ ᠪᠠᠭ᠎ᠠ | ᠰᠤᠷᠭᠠᠭᠤᠯᠢ ᠪᠣᠯᠤᠨ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ ᠰᠤᠷᠤᠯᠭ᠎ᠠ ᠡᠬᠢᠯᠡᠬᠦ ᠠᠩᠬᠠᠨ ᠤ | ᠬᠢᠴᠢᠶᠡᠯ ᠪᠣᠯᠬᠤ ︽ᠲᠡᠦᠬᠡ ᠶᠢ ᠡᠷᠭᠢᠴᠡᠭᠦᠯᠦᠨ ᠢᠷᠡᠭᠡᠳᠦᠶ ᠪᠠᠨ ᠪᠠᠷᠠᠯᠠᠵᠤ᠂ ᠬᠡᠦᠬᠡᠳ ᠰᠤᠷᠤᠭᠴᠢᠳ ᠪᠦᠯᠬᠦᠮᠳᠡᠨ | ᠰᠡᠳᠬᠢᠯ ᠨᠢᠭᠡᠲᠡᠶ ᠪᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ ︾ ᠭᠡᠬᠦ ᠨᠡᠶᠢᠭᠡᠮ ᠤᠨ | ᠬᠥᠮᠦᠵᠢᠯ ᠤᠨ ᠠᠵᠢᠯᠯᠠᠭ᠎ᠠ ᠡᠷᠬᠢᠯᠡᠨ ᠶᠠᠪᠤᠭᠳᠠᠭᠤᠯᠪᠠ᠃ ᠠᠵᠢᠯᠯᠠᠭ᠎ᠠ ᠪᠠᠷ ᠳᠠᠮᠵᠢᠨ᠂ ᠬᠠᠨ ᠠᠭᠤᠯᠠ ᠪᠠᠭ᠎ᠠ | ᠰᠤᠷᠭᠠᠭᠤᠯᠢ ᠪᠣᠯᠤᠨ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠪᠡᠶᠡᠴᠢᠯᠡᠨ | ᠣᠶᠢᠯᠠᠭᠠᠵᠤ ᠰᠤᠳᠤᠯᠤᠨ ᠰᠤᠷᠤᠯᠴᠠᠬᠤ ᠬᠢᠴᠢᠶᠡᠯ ᠤᠨ ᠲᠠᠩᠬᠢᠮ ᠳᠤ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ | ᠤᠳᠬ᠎ᠠ ᠲᠡᠭᠦᠯᠳᠡᠷ ᠡᠬᠢᠯᠡᠭᠦᠯᠦᠭᠰᠡᠨ ᠶᠤᠮ᠃ | | | | ᠠᠵᠢᠯᠯᠠᠭ᠎ᠠ ᠨᠢ ︽ᠲᠡᠦᠬᠡ ᠶᠢᠨ ᠰᠦᠪᠡᠭᠴᠢᠯᠡᠯᠲᠡ︾ ᠪᠠᠷ ᠭᠤᠤᠯ ᠰᠢᠵᠢᠮ ᠪᠣᠯᠭᠠᠵᠤ ᠰᠤᠷᠤᠭᠴᠢᠳ | ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ︽ᠲᠡᠦᠬᠡ ᠰᠣᠶᠣᠯ ᠤᠨ ᠦᠵᠡᠰᠬᠦᠯᠡᠩ︾᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠲᠥᠪ︾ ᠪᠣᠯᠤᠨ | ︽ᠨᠡᠭᠦᠳᠡᠯ ᠮᠠᠯᠵᠢᠯ ᠤᠨ ᠰᠣᠶᠣᠯ ᠤᠨ ᠦᠵᠡᠰᠬᠦᠯᠡᠩ︾ ᠢ ᠲᠣᠭᠤᠷᠢᠨ ᠦᠵᠡᠪᠡ᠃ ᠲᠡᠦᠬᠡ ᠶᠢᠨ ᠳᠤᠷᠠᠰᠬᠠᠯᠲᠤ | ᠵᠦᠢᠯᠡᠰ ᠪᠠ ᠲᠠᠯᠠᠪᠤᠷ ᠦᠵᠡᠭᠳᠡᠯ ᠤᠨ ᠰᠡᠷᠭᠦᠭᠡᠯᠲᠡ ᠪᠠᠷ ᠳᠠᠮᠵᠢᠨ᠂ ᠰᠤᠷᠤᠭᠴᠢᠳ ᠨᠤᠲᠤᠭ ᠤᠰᠤᠨ ᠤ ᠪᠠᠨ ᠥᠨᠢ | ᠤᠳᠠᠭᠠᠨ ᠲᠡᠦᠬᠡ ᠰᠣᠶᠣᠯ ᠤᠨ ᠦᠨᠡᠲᠦ ᠡᠷᠳᠡᠨᠢᠰ ᠢ ᠮᠡᠳᠡᠵᠦ ᠣᠶᠢᠯᠠᠭᠠᠪᠠ᠃ ᠲᠠᠶᠢᠯᠪᠣᠷᠢᠯᠬᠠᠴᠢ ᠠᠴᠠ ᠤᠷᠢᠳᠠᠬᠢ | ᠬᠥᠮᠦᠰ ᠤᠨ ᠲᠡᠮᠡᠴᠡᠯ ᠤᠨ ᠦᠯᠢᠭᠡᠷ ᠢ ᠰᠤᠷᠤᠭᠴᠢᠳ ᠲᠤ ᠶᠠᠷᠢᠵᠤ ᠥᠭᠬᠦ ᠶᠢᠨ ᠬᠠᠮᠲᠤ ᠬᠡᠦᠬᠡᠳ ᠤᠳ ᠢ ᠬᠥᠲᠥᠯᠥᠨ | ᠵᠢᠯᠣᠭᠤᠳᠴᠤ ᠨᠤᠲᠤᠭ ᠤᠰᠤᠨ ᠤ ᠪᠠᠨ ᠬᠥᠭᠵᠢᠯᠲᠡ ᠶᠢᠨ ᠢᠷᠡᠭᠡᠳᠦᠶ ᠶᠢᠨ ᠲᠤᠬᠠᠶ ᠰᠠᠶᠢᠨ ᠰᠠᠶᠢᠬᠠᠨ ᠬᠦᠰᠡᠯ | ᠵᠢᠷᠤᠭᠯᠠᠯ ᠢ ᠰᠡᠳᠬᠢᠨ ᠪᠣᠲᠣᠭᠤᠯᠪᠠ᠃ ︵ᠤᠷᠭᠤᠮᠠᠯ︶ | | |