ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠲᠤᠭᠤᠶᠢᠯᠠᠩ ᠵᠢᠭᠠᠰᠤᠲᠠᠶ ᠪᠠᠯᠭᠠᠰᠤ ᠶᠢᠨ ᠨᠠᠮ ᠤᠨ ᠬᠤᠷᠢᠶ᠎ᠠ ᠶᠢ ᠳᠤᠭᠤᠷᠢᠨ ᠪᠠᠶᠢᠴᠠᠭᠠᠡᠡᠰᠡᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/28
       2 ᠰᠠᠷ᠎ᠠ ᠶᠢᠨ 27 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠰᠤᠲᠠᠶ ᠪᠠᠯᠭᠠᠰᠤ ᠶᠢᠨ ᠨᠠᠮ ᠤᠨ ᠬᠤᠷᠢᠶ᠎ᠠ ᠶᠢ ᠳᠤᠭᠤᠷᠢᠨ ᠪᠠᠶᠢᠴᠠᠭᠠᠡᠡᠰᠡᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠪᠠ᠃
       ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠵᠢᠭᠠᠰᠤᠲᠠᠶ ᠪᠠᠯᠭᠠᠰᠤ ᠶᠢᠨ ᠨᠠᠮ ᠤᠨ ᠬᠤᠷᠢᠶ᠎ᠠ ᠶᠢ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃        ᠬᠤᠰᠢᠭᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ᠪᠦᠷᠢᠯᠳᠦᠬᠦᠨ᠂ ᠳᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠠᠴᠠ ᠲᠣᠭᠤᠷᠢᠨ ᠪᠠᠶᠢᠴᠠᠭᠠᠵᠤ ᠴᠡᠭᠴᠠᠯᠡᠨ ᠰᠠᠶᠢᠵᠢᠷᠠᠭᠤᠯᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠲᠡᠷᠡ ᠪᠠᠷ᠂ ᠢᠳᠡᠪᠬᠢᠲᠡᠶ ᠪᠥᠭᠡᠳ ᠡᠷᠡᠰ ᠰᠢᠭᠤᠷᠬᠠᠶ ᠠᠵᠢᠯᠯᠠᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ  ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠳ᠋ᠦᠩ ᠠᠴᠠ ᠪᠣᠳᠠᠲᠠᠶ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ ᠶᠡᠭᠡ ᠲᠠᠯ᠎ᠠ ᠳᠤ ᠦᠢᠯᠡᠴᠢᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠺᠠᠳ᠋ᠷ ᠤᠨ ᠭᠦᠢᠴᠡᠣᠡᠭᠡᠬᠦ ᠬᠦᠴᠦᠨ ᠨᠠᠶᠢᠳᠠᠪᠤᠷᠢᠵᠢᠭᠤᠯᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠪᠡ᠃        ᠵᠢᠭᠠᠰᠤᠲᠠᠶ ᠪᠠᠯᠭᠠᠰᠤ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ ᠪᠦᠬᠦ ᠲᠠᠯ᠎ᠠ ᠪᠠᠷ ᠬᠦᠯᠢᠶᠡᠨ ᠠᠪᠤᠨ᠎ᠠ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠭᠤᠯᠭ᠎ᠠ ᠶᠢ ᠲᠣᠳᠣᠷᠬᠠᠶᠢᠯᠠᠨ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ︔ ᠲᠤᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠤᠨ ᠰᠢᠯᠲᠠᠭᠠᠨ ᠢ ᠭᠦᠨᠵᠡᠭᠡᠶ ᠪᠠᠶᠢᠴᠠᠭᠠᠨ ᠡᠷᠢᠵᠦ᠂ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠴᠡᠭ ᠢᠶᠠᠷ ᠪᠥᠬᠦ ᠲᠠᠯ᠎ᠠ ᠶᠢ ᠳᠠᠶᠢᠴᠢᠯᠠᠨ ᠠᠵᠢᠯ ᠤᠨ ᠳᠤᠲᠠᠭᠤᠳᠠᠯ ᠢᠶᠠᠨ ᠦᠳᠲᠡᠷ ᠲᠦᠷᠭᠡᠨ ᠨᠥᠬᠦᠪᠥᠷᠢᠯᠡᠨ᠂ ᠬᠠᠮᠤᠭ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠥᠷᠭᠡᠳᠬᠡᠨ᠎ᠡ ᠭᠡᠪᠡ᠃ ︵ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号