2 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ | ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠥ ᠶᠢᠨ | ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ | ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠢ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭ᠎ᠠ ᠪᠠ ᠣᠨᠣᠯ ᠤᠨ ᠰᠠᠭᠤᠷᠢ ᠶᠢ ᠪᠠᠲᠤ | ᠲᠠᠯᠪᠢᠵᠠᠶ᠃ | | | | ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ | ᠶᠠᠷᠢᠶ᠎ᠠ ᠨᠢ ᠠᠯᠤᠰ ᠬᠡᠲᠦ ᠶᠢᠨ ᠵᠣᠭᠰᠣᠴᠠ ᠲᠠᠢ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠥᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ ᠳᠤ ᠵᠢᠷᠤᠮᠯᠠᠯ ᠬᠠᠩᠭᠠᠵᠠᠶ᠃ ᠬᠤᠰᠢᠭᠤᠨ ᠵᠠᠰᠠᠭ ᠤᠨ | ᠣᠷᠳᠣᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠳᠡᠳ᠋ ᠳᠠᠷᠤᠭ᠎ᠠ ᠭᠤᠤᠯ | ᠰᠡᠳᠦᠪᠲᠦ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ | ᠶᠠᠷᠢᠬᠤ᠂ ᠠᠰᠠᠭᠤᠳᠠᠯ ᠢ ᠪᠠᠶᠢᠴᠠᠭᠠᠨ ᠢᠯᠡᠷᠡᠭᠦᠯᠬᠦ ᠵᠡᠷᠭᠡ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠶ ᠬᠤᠷᠠᠯᠳᠤᠭᠤᠯᠵᠤ᠂ ᠰᠠᠶᠢᠨ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠶ᠃ ᠨᠡᠶᠢᠲᠡ ᠶᠢᠨ ᠪᠠᠯᠠ ᠮᠥᠩᠭᠦ ᠨᠡᠶᠢᠲᠡ ᠶᠢᠨ ᠡᠬᠢ ᠪᠠᠶᠠᠯᠢᠭ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ | ᠴᠢᠩᠭ᠎ᠠ ᠠᠩᠬᠠᠷᠴᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠦ ᠢᠯᠵᠠᠷᠠᠯ ᠢ ᠡᠰᠡᠷᠭᠦᠴᠡᠬᠦ ᠶᠢ | ᠴᠥᠬᠦᠷᠡᠰᠢ ᠥᠬᠡᠶ ᠪᠠᠷᠢᠮᠲᠠᠯᠠᠵᠤ᠂ ︽ᠳᠥᠷᠪᠡᠨ ᠰᠤᠷᠲᠠᠯ︾ ᠢ ᠪᠠᠶᠢᠩᠭᠤ ᠣᠷᠳᠣ ᠬᠤᠭᠤᠴᠠᠭ᠎ᠠ ᠪᠠᠷ | ᠪᠦᠲᠦᠮᠵᠢᠲᠡᠶ ᠪᠠᠷ ᠵᠠᠯᠠᠷᠠᠭᠤᠯᠤᠨ ᠵᠠᠰᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ | ᠪᠠᠶᠢᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ | ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ | ᠭᠤᠤᠯᠳᠠᠯᠭ᠎ᠠ ᠶᠢ ᠳᠣᠪᠤᠶᠢᠯᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠣᠭᠤᠷᠢᠨ ᠪᠠᠶᠢᠴᠠᠭᠠᠬᠤ | ︽ᠰᠡᠭᠦᠯᠴᠢ ᠶᠢᠨ ᠬᠠᠭᠠᠰ ᠠᠵᠢᠯ︾ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠪᠡ᠃ | ᠬᠤᠷᠠᠯ ᠠᠴᠠ ᠣᠳᠣᠬᠠᠨ ᠤ ᠠᠵᠤ ᠠᠬᠤᠶ ᠶᠢᠨ ᠡᠷᠭᠢᠯᠲᠡ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠡᠶ᠃ | ᠬᠤᠷᠠᠯ ᠠᠴᠠ 2 ᠰᠠᠷ᠎ᠠ ᠶᠢᠨ 6 ᠤ ᠡᠳᠦᠷ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠢ | ᠬᠤᠷᠠᠯᠳᠤᠭᠤᠯᠵᠤ᠂ 2025 ᠣᠨ ᠢ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ︽ᠦᠷ᠎ᠡ | ᠪᠦᠲᠦᠮᠵᠢ ᠶᠢ ᠨᠢ ᠮᠥᠷᠳᠡᠨ ᠠᠰᠠᠭᠤᠬᠤ ᠣᠨ︾ ᠪᠣᠯᠭᠠᠬᠤ ᠶᠢᠨ ᠬᠠᠮᠲᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ | ᠬᠠᠮᠢᠶ᠎ᠠ ᠪᠦᠬᠦᠢ ᠤᠴᠢᠷ ᠢ ᠰᠤᠳᠤᠯᠤᠨ ᠶᠠᠷᠢᠯᠴᠠᠬᠤ ᠪᠠᠷ ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠵᠠᠶ᠃ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠯᠦ ᠮᠧᠩ᠂ ᠭᠦᠸᠧ ᠶᠦᠩ ᠮᠢᠩ᠂ ᠳᠠᠩ | ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠦᠩᠭᠦᠬᠠᠭᠤᠯᠠ᠂ ᠮᠦ ᠭᠦᠸᠧ ᠳ᠋ᠦᠩ᠂ ᠬᠤᠰᠢᠭᠤᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ | ᠭᠦᠸᠧ ᠯᠢᠨ ᠬᠤᠷᠠᠯ ᠳᠤ ᠣᠷᠣᠯᠴᠠᠵᠠᠶ᠃ ︵ᠯᠢ ᠬᠤᠸᠠᠨ ᠢᠦᠶ᠂ ᠰᠠᠷᠠᠡᠬᠤᠸᠠᠷ︶ |