2 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ | ᠤᠳᠠᠭᠠᠨ ᠤ ᠪᠥᠬᠦᠳᠡ ᠬᠤᠷᠠᠯᠳᠤᠭᠠᠨ ᠬᠤᠷᠠᠯᠳᠤᠵᠤ᠂ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠧᠶ ᠪᠢᠯᠢᠭ᠂ | ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠬᠤᠰᠢᠭᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ | ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ ᠵᠡᠷᠭᠡ ᠬᠤᠰᠢᠭᠤᠨ ᠳᠠᠭᠠᠨ ᠪᠠᠶᠢᠭ᠎ᠠ | ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | | | | ᠸᠧᠶ ᠪᠢᠯᠢᠭ ᠵᠢᠭᠠᠵᠤ ᠭᠠᠷᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤᠨ ᠤ ᠳᠡᠭᠡᠳᠦ | ᠳᠣᠣᠷᠠᠳᠤ ᠱᠠᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠡᠬᠠᠳᠠ ᠬᠤᠲᠠ ᠶᠢᠨ ᠨᠠᠮ ᠤᠨ ᠬᠤᠷᠢᠶ᠎ᠠ ᠶᠢᠨ | ᠠᠵᠢᠯ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠳᠣᠨ ᠤ ᠳᠠᠷᠤᠭᠠᠰᠤ ᠶᠢ | ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ | ᠲᠠᠰᠤᠷᠠᠯᠲᠠ ᠥᠭᠡᠢ ᠴᠢᠩᠭᠠᠳᠬᠠᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ | ᠦᠷᠭᠦᠯᠵᠢᠯᠡᠨ ᠪᠠᠬᠢᠵᠢᠭᠦᠯᠪᠡ ᠭᠡᠵᠡᠶ᠃ | ᠸᠧᠶ ᠪᠢᠯᠢᠭ ᠴᠢᠬᠤᠯᠠᠴᠢᠯᠠᠬᠤ ᠳᠠᠭᠠᠨ᠂ ᠪᠦᠬᠦ ᠬᠤᠰᠢᠭᠤ ᠳᠠᠶᠠᠭᠠᠷ ᠪᠠᠶᠢᠳᠡᠯ ᠢ ᠲᠣᠳᠣᠷᠬᠠᠶ ᠲᠠᠨᠢᠵᠤ᠂ | ᠵᠣᠭᠰᠣᠴᠠ ᠪᠠᠨ ᠳᠡᠭᠡᠭᠰᠢᠯᠡᠭᠦᠯᠦᠨ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠡᠭᠡᠳᠦ | ᠭᠤᠷᠪᠠᠨ ᠱᠠᠳᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ | ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠭᠦᠨᠵᠡᠭᠡᠶ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠵᠠᠩᠭᠢᠯᠠᠭ᠎ᠠ ᠶᠢ | ᠲᠣᠪᠣᠶᠢᠯᠭᠠᠨ᠂ ᠭᠤᠤᠯᠳᠠᠯᠭ᠎ᠠ ᠶᠢ ᠡᠵᠡᠮᠰᠢᠵᠦ᠂ ᠤᠯᠤᠰ ᠲᠥᠷᠥ ᠶᠢᠨ ᠬᠢᠨᠠᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ | ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠭᠦᠢᠴᠡᠣᠨ ᠪᠠᠳᠠᠷᠠᠭᠤᠯᠤᠨ᠂ ᠰᠤᠷᠲᠠᠯ ᠤᠨ ᠠᠷᠬᠠᠭ | ᠬᠡᠮ ᠢ ᠣᠨᠣᠪᠴᠢᠲᠠᠶ ᠵᠠᠯᠠᠷᠠᠭᠤᠯᠤᠨ ᠵᠠᠰᠠᠵᠤ᠂ ᠰᠤᠷᠲᠠᠯ ᠢᠯᠵᠠᠷᠠᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ | ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠵᠤ ᠴᠢᠩᠭ᠎ᠠ ᠵᠠᠯᠬᠠᠭᠠᠨ | ᠰᠢᠢᠣᠡᠭᠡᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠲᠡᠶᠢᠨ ᠤ ᠢᠯᠠᠯᠲᠠ ᠶᠢ ᠵᠠᠪᠠᠯ ᠣᠯᠬᠤ | ᠬᠡᠷᠡᠭᠲᠡᠶ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠣᠡᠭᠡᠵᠤ ᠡᠯ᠎ᠡ | ᠱᠠᠳᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠳᠠᠯᠠᠵᠤ᠂ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠢᠯᠠ ᠲᠣᠳᠣ | ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠵᠢᠷᠤᠮᠵᠢᠭᠤᠯᠤᠯᠲᠠ ᠬᠠᠤᠯᠢᠵᠢᠭᠤᠯᠤᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ | ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢᠨ | ᠪᠠᠶᠢᠭᠤᠯᠤᠯᠲᠠ ᠶᠢ ᠲᠠᠰᠤᠷᠠᠯᠲᠠ ᠦᠬᠡᠶ ᠴᠢᠩᠭᠠᠳᠬᠠᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠡᠵᠡᠭᠡᠶᠢᠷᠡᠭᠦᠯᠵᠤ᠂ ᠴᠢᠩᠭ᠎ᠠ ᠵᠢᠷᠤᠮᠵᠢᠭᠤᠨ ᠲᠥᠪ | ᠭᠤᠤᠯᠴᠢ ᠪᠣᠯᠪᠠᠰᠤᠨ ᠢᠶᠠᠷ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ | ᠲᠦᠯᠬᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ ᠰᠢᠨ ᠢᠦᠶ ᠬᠤᠷᠠᠯ ᠡᠷᠬᠢᠯᠡᠬᠦ ᠳᠡᠭᠡᠨ | ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠬᠤ ᠶᠢ ᠪᠠᠷᠢᠮᠲᠠᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢᠨ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠭᠦᠷᠭᠡ ᠴᠢᠳᠠᠪᠬᠢ ᠶᠢᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠡᠭᠦᠷᠭᠡ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠯ᠎ᠡ ᠭᠠᠵᠠᠷ ᠣᠷᠣᠨ ᠰᠠᠯᠠᠭ᠎ᠠ ᠮᠥᠴᠢᠷ ᠤᠨ ︽ᠨᠢᠭᠡᠳᠦᠭᠡᠷ | ᠬᠠᠷᠢᠭᠤᠴᠠᠯᠭᠠᠲᠠᠨ︾ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠳᠣᠷ | ᠭᠦᠢᠴᠡᠣᠡᠭᠡᠵᠤ᠂ ᠦᠨᠡᠨᠬᠦ ᠬᠠᠮᠢᠶᠠᠷᠴᠤ ᠦᠨᠡᠨᠬᠦ ᠴᠢᠩᠭ᠎ᠠ ᠪᠠᠶᠢᠬᠤ᠂ ᠵᠣᠷᠢᠭᠲᠠᠶ ᠬᠠᠮᠢᠶᠠᠷᠴᠤ ᠵᠣᠷᠢᠭᠲᠠᠶ ᠴᠢᠩᠭ᠎ᠠ | ᠪᠠᠶᠢᠬᠤ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠬᠤ ᠶᠢ ᠪᠡᠶᠡᠯᠡᠭᠦᠯᠬᠦ | ᠬᠡᠷᠡᠭᠲᠡᠶ ᠭᠡᠵᠡᠶ᠃ ᠸᠧᠶ ᠰᠢᠨ ᠢᠦᠶ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶᠠᠨ ᠤ ᠡᠮᠦᠨ᠎ᠡ ᠠᠴᠠ ︽ᠬᠦᠨᠳᠦ ᠶᠢ ᠮᠡᠳᠡᠵᠦ ᠬᠦᠨᠳᠦ ᠶᠢ ᠡᠭᠦᠷᠭᠡᠯᠡᠨ᠂ ᠬᠦᠴᠢᠷ ᠢ ᠮᠡᠳᠡᠵᠦ ᠬᠦᠴᠢᠷ ᠢ | ᠳᠠᠪᠠᠵᠤ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠪᠠᠨ ᠭᠦᠢᠴᠡᠣᠡᠭᠡᠨ᠂ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠶ ᠨᠡᠶᠢᠭᠡᠮ ᠤᠨ ᠡᠷᠡᠭᠦᠯ ᠪᠥᠭᠡᠳ ᠴᠢᠨᠠᠷ ᠰᠠᠶᠢᠲᠠᠶ | ᠬᠥᠭᠵᠢᠯᠲᠡ ᠶᠢ ᠬᠠᠮᠠᠭᠠᠯᠠᠪᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠶ᠃ | ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ | ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠬᠠᠷᠢᠭᠤᠴᠠᠯᠭᠠᠲᠠᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ᠂ ᠰᠠᠬᠢᠯᠭ᠎ᠠ ᠪᠠᠲᠤ ᠶᠢᠨ ᠠᠵᠢᠯ ᠤᠨ ᠬᠤᠷᠢᠶᠠᠨ ᠤ ᠱᠦᠵᠢ︔ ᠬᠤᠰᠢᠭᠤᠨ | ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ ᠤᠨ ᠭᠤᠤᠯ | ᠬᠠᠷᠢᠭᠤᠴᠠᠯᠭᠠᠲᠠᠨ︔ ᠲᠥᠪ ᠣᠷᠣᠨ ᠬᠤᠲᠠ ᠶᠢᠨ ᠠᠷᠤ ᠬᠤᠷᠴᠢᠨ ᠬᠤᠰᠢᠭᠤᠨ ᠳᠤ ᠰᠠᠭᠤᠭ᠎ᠠ ᠰᠢᠭᠤᠳ ᠬᠠᠷᠢᠶ᠎ᠠ | ᠡᠯ᠎ᠡ ᠬᠤᠯᠪᠣᠭᠳᠠᠯ ᠪᠦᠬᠦᠢ ᠨᠢᠭᠡᠴᠡ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠭᠤᠤᠯ ᠬᠠᠷᠢᠭᠤᠴᠠᠯᠭᠠᠲᠠᠨ︔ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ︵ᠲᠣᠭᠤᠷᠢᠨ ᠪᠠᠶᠢᠴᠠᠭᠠᠬᠤ ᠲᠣᠭᠤᠶᠢᠯᠠᠩ︶ ᠤᠨ ᠳᠡᠳ᠋ | ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠣᠭᠤᠶᠢᠯᠠᠩ ᠤᠨ ᠳᠠᠷᠤᠭ᠎ᠠ︔ ᠬᠤᠰᠢᠭᠤᠨ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ | ᠬᠢᠨᠠᠨ ᠪᠠᠶᠢᠴᠠᠭᠠᠡᠡᠴᠢ ᠬᠤᠷᠠᠯ ᠳᠤ ᠣᠷᠣᠯᠴᠠᠵᠠᠶ᠃ ︵ᠯᠢ ᠬᠤᠸᠠᠨ ᠢᠦᠶ᠂ ᠤᠷᠭᠤᠮᠠᠯ︶ |