| | 2 ᠰᠠᠷ᠎ᠠ ᠶᠢᠨ 6 ᠤ ᠡᠳᠦᠷ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠪᠥᠬᠦᠳᠡ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ᠂ | ᠬᠤᠲᠠ ᠶᠢᠨ ᠨᠠᠮ ᠤᠨ ᠬᠤᠷᠢᠶᠠᠨ ᠤ ᠨᠠᠢᠮᠠᠳᠣᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠵᠢᠴᠢ ᠪᠥᠬᠦ | ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ᠂ ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ | ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠲᠣᠭᠤᠶᠢᠯᠠᠩ ᠤᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠣᠷᠢᠵᠢᠭᠤᠯᠵᠤ᠂ | 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ ᠵᠠᠰᠠᠭ ᠤᠨ ᠣᠷᠳᠣᠨ ᠤ | ᠰᠢᠰᠲ᠋ᠧᠮ ᠤᠨ ᠠᠵᠢᠯ ᠤᠨ ︽ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠣᠨ︾ ᠤ ᠠᠵᠢᠯᠯᠠᠭ᠎ᠠ | ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | | ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠣ᠋ ᠨᠠᠨ | ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ ᠰᠢᠨ ᠢᠦᠶ ᠬᠤᠷᠠᠯ ᠳᠤ ᠣᠷᠣᠯᠴᠠᠵᠤ᠂ | ᠳᠡᠭᠡᠷ᠎ᠡ ᠨᠢᠭᠡ ᠵᠢᠯ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠪᠠᠶᠢᠳᠡᠯ ᠢ ᠵᠠᠷᠯᠠᠨ ᠮᠡᠳᠡᠭᠳᠡᠭᠰᠡᠨ ᠪᠥᠭᠡᠳ 2025 ᠣᠨ ᠤ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠪᠠ᠃ | | | | | | ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠭᠦᠸᠧ ᠯᠦ ᠮᠧᠩ᠂ ᠭᠦᠸᠧ | ᠶᠦᠩ ᠮᠢᠩ᠂ ᠳᠠᠩ ᠲᠢᠩ ᠲᠢᠩ᠂ ᠢᠦᠶ ᠭᠠᠩ᠂ ᠶᠠᠨ ᠰᠢᠤᠸᠠᠢ ᠲᠤᠤ᠂ ᠮᠥᠩᠭᠦᠬᠠᠭᠤᠯᠠ᠂ ᠮᠦ ᠭᠦᠸᠧ ᠳ᠋ᠦᠩ | ᠬᠤᠷᠠᠯ ᠳᠤ ᠣᠷᠣᠯᠴᠠᠭᠰᠠᠨ ᠪᠥᠭᠡᠳ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠪᠦᠬᠦ ᠵᠢᠯ ᠤᠨ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | | ᠬᠤᠰᠢᠭᠤᠨ ᠳᠡᠳ᠋ ᠳᠠᠷᠤᠭ᠎ᠠ ᠭᠦᠸᠧ ᠯᠦ ᠮᠧᠩ ᠶᠡᠷᠣᠩᠬᠡᠶᠢᠯᠡᠭᠰᠡᠨ ᠠᠵᠤ ᠠᠬᠤᠶ ᠭᠤᠤᠯᠳᠠᠯᠭᠠᠲᠤ ᠲᠥᠷᠥᠯ | ᠵᠦᠢᠯ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠠᠶᠤᠯᠭᠦᠶ ᠦᠢᠯᠡᠣᠡᠪᠣᠷᠢᠯᠡᠯ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠡ᠃ ᠬᠤᠰᠢᠭᠤᠨ | ᠳᠡᠳ᠋ ᠳᠠᠷᠤᠭ᠎ᠠ ᠭᠦᠸᠧ ᠶᠦᠩ ᠮᠢᠩ ᠡᠮ ᠡᠮᠨᠡᠯᠭᠡ ᠡᠷᠡᠭᠦᠯ ᠬᠠᠮᠠᠭᠠᠯᠠᠯ᠂ ᠬᠤᠲᠠ ᠬᠥᠳᠡᠭᠡ ᠶᠢᠨ ᠲᠥᠯᠥᠪᠵᠢᠭᠦᠯᠭᠡ᠂ | ᠬᠤᠲᠠ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ | ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠬᠤᠰᠢᠭᠤᠨ ᠳᠡᠳ᠋ ᠳᠠᠷᠤᠭ᠎ᠠ ᠳᠠᠩ ᠲᠢᠩ | ᠲᠢᠩ ᠨᠡᠶᠢᠭᠡᠮ ᠤᠨ ᠠᠪᠤᠷᠠᠨ ᠲᠤᠰᠠᠯᠠᠯᠲᠠ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ | ᠪᠠᠶᠢᠷᠢᠯᠠᠭᠤᠯᠪᠠ᠃ ᠬᠤᠰᠢᠭᠤᠨ ᠳᠡᠳ᠋ ᠳᠠᠷᠤᠭ᠎ᠠ ᠢᠦᠶ ᠭᠠᠩ ᠨᠡᠶᠢᠭᠡᠮ ᠤᠨ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠵᠡᠷᠭᠡ ᠲᠠᠯ᠎ᠠ ᠶᠢᠨ | ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠬᠤᠰᠢᠭᠤᠨ ᠳᠡᠳ᠋ ᠳᠠᠷᠤᠭ᠎ᠠ ᠶᠠᠨ ᠰᠢᠤᠸᠠᠢ | ᠲᠤᠤ ᠠᠵᠤ ᠦᠢᠯᠡᠣᠡᠪᠣᠷᠢ ᠶᠢᠨ ᠠᠵᠤ ᠠᠬᠤᠶ᠂ ᠠᠭᠤᠷᠬᠠᠶ ᠶᠢᠨ ᠠᠵᠤ ᠠᠬᠤᠶ᠂ ᠠᠷᠠᠯᠵᠢᠶᠠᠴᠢᠨ ᠤᠷᠢᠵᠤ ᠪᠠᠯᠠ | ᠲᠠᠲᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ | ᠪᠠᠶᠢᠷᠢᠯᠠᠭᠤᠯᠪᠠ᠃ ᠬᠤᠰᠢᠭᠤᠨ ᠳᠡᠳ᠋ ᠳᠠᠷᠤᠭ᠎ᠠ ᠮᠥᠩᠭᠦᠬᠠᠭᠤᠯᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ | ᠠᠷᠠᠯᠵᠢᠶ᠎ᠠ ᠬᠤᠳᠠᠯᠳᠤᠭ᠎ᠠ ᠭᠦᠢᠯᠭᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠨᠳᠦᠰᠦᠲᠡᠨ ᠤ | ᠪᠦᠯᠬᠦᠮᠳᠡᠯ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠬᠤᠰᠢᠭᠤᠨ | ᠳᠡᠳ᠋ ᠳᠠᠷᠤᠭ᠎ᠠ ᠮᠦ ᠭᠦᠸᠧ ᠳ᠋ᠦᠩ ᠮᠠᠯᠵᠢᠬᠤ ᠲᠠᠷᠢᠶᠠᠯᠠᠬᠤ ᠣᠷᠣᠨ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ | ᠬᠢᠵᠦ ᠪᠠᠶᠢᠷᠢᠠᠯᠭᠤᠪᠠ᠃ | | | | ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠥᠨ ᠴᠦ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠪᠠᠶᠢᠵᠤ ᠡᠯ᠎ᠡ ᠵᠦᠢᠯ ᠤᠨ ᠠᠵᠢᠯ ᠢ ᠰᠠᠶᠢᠳᠣᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠯ᠎ᠡ ᠬᠤᠰᠢᠭᠤᠨ | ᠳᠡᠳ᠋ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠵᠢᠯ ᠤᠨ ᠬᠠᠷᠠᠯᠲᠠ ᠡᠭᠦᠷᠭᠡ ᠪᠠᠨ | ᠲᠣᠭᠲᠠᠭᠠᠵᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ︽ᠮᠥᠷᠳᠡᠨ ᠳᠠᠭᠠᠵᠤ ᠦᠷ᠎ᠡ ᠪᠦᠲᠦᠮᠵᠢ ᠶᠢ ᠨᠢ | ᠠᠰᠠᠭᠤᠬᠤ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯᠳᠠᠯᠭ᠎ᠠ ᠶᠢ ᠴᠢᠩᠭ᠎ᠠ ᠠᠳᠬᠤᠨ᠂ | ᠳᠠᠷᠤᠯᠲᠠ ᠥᠭᠴᠦ ᠡᠷᠡᠯᠬᠡᠭᠡᠨ ᠤᠷᠤᠭᠰᠢᠯᠠᠵᠤ᠂ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠨ᠂ ᠣᠨ ᠤ ᠡᠯ᠎ᠡ | ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠶ᠃ | | | | ᠬᠤᠷᠠᠯ ᠠᠴᠠ ᠴᠢᠬᠤᠯᠠᠴᠢᠯᠠᠬᠤ ᠳᠠᠭᠠᠨ᠂ 2025 ᠣᠨ ᠤ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠳᠤ ᠰᠢᠨᠵᠢᠯᠡᠬᠦ ᠤᠬᠠᠭᠠᠨᠴᠢ ᠠᠵᠢᠯᠯᠠᠬᠤ ᠠᠷᠭ᠎ᠠ ᠪᠣᠯ ᠵᠠᠩᠭᠢᠯᠠᠭ᠎ᠠ ᠶᠤᠮ᠃ ᠰᠤᠷᠤᠯᠴᠠᠬᠤ ᠤᠬᠠᠮᠰᠠᠷ ᠢᠶᠠᠨ | ᠴᠢᠩᠭᠠᠳᠬᠠᠨ ᠠᠵᠢᠯ ᠢᠶᠠᠨ ᠠᠬᠢᠭᠤᠯᠵᠤ᠂ ᠡᠭᠦᠷᠢᠳᠡ ᠵᠣᠭᠰᠣᠰᠢ ᠥᠬᠡᠶ ᠰᠤᠷᠤᠯᠴᠠᠬᠤ ᠳᠠᠳᠬᠠᠯ ᠢᠶᠠᠨ ᠢᠮᠠᠭᠲᠠ | ᠪᠠᠷᠢᠮᠲᠠᠯᠠᠵᠤ᠂ ᠲᠠᠰᠤᠷᠠᠯᠲᠠ ᠥᠬᠡᠶ ᠰᠢᠨ᠎ᠡ ᠮᠡᠳᠡᠯᠭᠡ ᠶᠢ ᠡᠵᠡᠮᠰᠢᠵᠦ᠂ ᠰᠢᠨ᠎ᠡ ᠬᠦᠷᠢᠶ᠎ᠡ ᠶᠢ ᠣᠶᠢᠯᠠᠭᠠᠵᠤ᠂ ᠰᠢᠨ᠎ᠡ | ᠬᠠᠷᠠᠭ᠎ᠠ ᠪᠠᠨ ᠥᠷᠭᠡᠳᠬᠡᠵᠦ᠂ ᠬᠥᠭᠵᠢᠯᠲᠡ ᠶᠢᠨ ᠠᠵᠠ ᠲᠣᠬᠢᠶᠠᠯ ᠢ ᠨᠠᠩ ᠰᠠᠶᠢᠲᠤᠷ ᠡᠵᠡᠮᠳᠡᠵᠦ᠂ ᠠᠵᠢᠯ ᠤᠨ | ᠰᠢᠪᠲᠤᠯᠤᠯᠲᠠ ᠶᠢ ᠡᠷᠢᠯᠬᠢᠯᠡᠬᠦ ᠬᠡᠷᠡᠭᠲᠡᠶ︔ ᠰᠢᠰᠲ᠋ᠧᠮᠲᠦ ᠦᠵᠡᠯᠲᠡ ᠶᠢ ᠪᠣᠢ ᠪᠣᠯᠭᠠᠵᠤ ᠠᠵᠢᠯ ᠢᠶᠠᠨ ᠠᠬᠢᠭᠤᠯᠵᠤ᠂ | ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠬᠦᠴᠦᠨ ᠢᠶᠠᠨ ᠪᠠᠶᠢᠷᠢᠯᠠᠭᠤᠯᠵᠤ᠂ | ᠡᠯ᠎ᠡ ᠵᠦᠢᠯ ᠤᠨ ᠠᠵᠢᠯ ᠢ ᠣᠷᠭᠠᠨᠢᠭ ᠢᠶᠠᠷ ᠵᠣᠯᠭᠠᠭᠤᠯᠵᠤ᠂ ᠬᠠᠮᠵᠢᠯᠴᠠᠨ ᠵᠡᠷᠭᠡᠪᠡᠷ ᠤᠷᠤᠭᠰᠢᠯᠠᠭᠤᠯᠬᠤ ᠶᠢ | ᠠᠬᠢᠭᠤᠯᠬᠤ ᠬᠡᠷᠡᠭᠲᠡᠶ︔ ᠵᠠᠬ᠎ᠠ ᠳᠡᠯᠭᠡᠭᠦᠷ ᠤᠨ ᠣᠶᠢᠯᠠᠭᠠᠡᠡᠳᠠᠬᠤᠨ ᠳᠤ ᠠᠭᠤᠰᠤᠯᠴᠠᠨ ᠠᠵᠢᠯ ᠢᠶᠠᠨ ᠠᠬᠢᠭᠤᠯᠵᠤ᠂ | ᠥᠪᠡᠷ ᠤᠨ ᠥᠷᠲᠡᠭ ᠤᠨ ᠦᠷ᠎ᠡ ᠠᠰᠢᠭ ᠢ ᠨᠠᠩ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠠᠷᠭ᠎ᠠ ᠶᠢ | ᠠᠮᠢᠳᠤᠯᠢᠭ ᠢᠶᠠᠷ ᠬᠡᠷᠡᠭᠯᠡᠵᠦ᠂ ︽ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠨᠢ ᠠᠰᠠᠭᠤᠵᠤ᠂ ᠦᠷ᠎ᠡ | ᠪᠦᠲᠦᠮᠵᠢ ᠥᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠰᠢᠨ᠎ᠡ ᠶᠢ | ᠡᠭᠦᠳᠬᠦ ᠰᠡᠳᠬᠢᠬᠦᠶ ᠪᠠᠷ ᠠᠵᠢᠯ ᠢᠶᠠᠨ ᠠᠬᠢᠭᠤᠯᠵᠤ᠂ ᠤᠴᠢᠷ ᠶᠠᠪᠤᠳᠠᠯ ᠲᠣᠬᠢᠶᠠᠯᠳᠤᠪᠠᠯ ᠵᠣᠷᠢᠭᠲᠠᠶ ᠪᠠᠷ | ᠪᠤᠰᠤᠳ ᠠᠴᠠ ᠲᠦᠷᠦᠭᠦᠯᠡᠨ᠂ ᠵᠣᠷᠢᠭᠲᠠᠶ ᠪᠠᠷ ᠰᠢᠨ᠎ᠡ ᠵᠠᠮ ᠢ ᠨᠡᠭᠡᠭᠡᠵᠦ᠂ ᠦᠨᠡᠨ ᠬᠦ ᠥᠭᠡᠷᠡᠴᠢᠯᠡᠯᠲᠡ ᠶᠢᠨ | ᠰᠡᠳᠬᠢᠬᠦᠶ᠂ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ | ᠠᠬᠢᠭᠤᠯᠬᠤ ᠬᠡᠷᠡᠭᠲᠡᠶ︔ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ ᠠᠵᠢᠯ ᠢᠶᠠᠨ ᠠᠬᠢᠭᠤᠯᠵᠤ᠂ | ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠤᠷᠤᠯᠴᠠᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠲᠥᠪ ᠭᠤᠤᠯᠴᠢ ᠪᠠᠷ | ᠬᠠᠤᠯᠢ ᠪᠠᠷᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ | ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠶ ᠭᠡᠵᠡᠶ᠃ | | | | | | ᠬᠤᠷᠠᠯ ᠠᠴᠠ ᠱᠠᠭᠠᠷᠳᠠᠬᠤ ᠳᠠᠭᠠᠨ᠂ ᠬᠤᠰᠢᠭᠤᠨ ᠵᠠᠰᠠᠭ ᠤᠨ ᠣᠷᠳᠣᠨ ᠤ ᠰᠢᠰᠲ᠋ᠧᠮ ᠤᠨ ᠪᠥᠬᠦ | ᠺᠠᠳ᠋ᠷᠴᠤᠳ ᠢᠮᠠᠭᠲᠠ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠥᠬᠡᠶ ᠠᠬᠢᠭᠤᠯᠵᠤ᠂ ᠳᠡᠭᠡᠳᠦ | ᠱᠠᠳᠤ ᠨᠢ ᠳᠣᠣᠷᠠᠳᠤ ᠱᠠᠳᠤ ᠪᠠᠨ ᠳᠠᠶᠢᠴᠢᠯᠠᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠵᠤ᠂ | ᠬᠥᠭᠵᠢᠯᠲᠡ ᠶᠢᠨ ᠣᠷᠴᠢᠨ ᠨᠥᠬᠦᠴᠡᠯ ᠢ ᠰᠢᠨᠲᠠᠷᠠᠰᠢ ᠦᠭᠡᠢ ᠰᠢᠯᠢᠳᠡᠭᠵᠢᠭᠦᠯᠦᠨ᠂ ᠭᠤᠤᠯᠳᠠᠯᠭ᠎ᠠ ᠶᠢ ᠴᠢᠩᠭ᠎ᠠ | ᠠᠩᠬᠠᠷᠴᠤ ᠴᠢᠬᠡᠴᠢ ᠵᠠᠰᠠᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠲᠥᠪ ᠴᠢᠬᠡᠴᠢ ᠪᠠᠷ | ᠠᠵᠢᠯ ᠬᠢᠵᠦ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠬᠡᠷᠡᠭᠲᠡᠶ | ᠭᠡᠵᠡᠶ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠠᠯᠪᠠᠨ | ᠭᠡᠷ ᠤᠨ ᠡᠷᠬᠢᠯᠡᠭᠴᠢ ᠯᠢ ᠭᠦᠸᠧ ᠯᠢᠨ ᠬᠤᠷᠠᠯ ᠳᠤ ᠣᠷᠣᠯᠴᠠᠵᠤ᠂ ᠬᠤᠰᠢᠭᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠦᠬᠦ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ | | | | ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠬᠠᠤᠯᠢᠵᠢᠯ ᠤᠨ ᠵᠠᠰᠠᠭ ᠤᠨ ᠣᠷᠳᠣᠨ᠂ ᠦᠨᠡᠨᠴᠢ | ᠢᠲᠡᠭᠡᠮᠵᠢᠲᠡᠶ ᠵᠠᠰᠠᠭ ᠤᠨ ᠣᠷᠳᠣᠨ᠂ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ᠂ ᠠᠷᠢᠭᠤᠨ ᠴᠢᠬᠡᠴᠢ | ᠵᠠᠰᠠᠭ ᠤᠨ ᠣᠷᠳᠣᠨ ᠵᠡᠷᠭᠡ ︽ᠳᠥᠷᠪᠡᠨ ᠵᠠᠰᠠᠭ ᠤᠨ ᠣᠷᠳᠣᠨ︾ ᠤ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠦᠯᠬᠢᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠣᠯᠠᠨ ᠲᠦᠮᠡᠨ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ | ᠦᠭᠬᠦ ᠶᠢᠨ ᠲᠥᠯᠥᠭᠡ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠵᠢᠯᠲᠠᠨ ᠤ ᠬᠠᠷᠢᠯᠴᠠᠬᠤ ᠤᠲᠠᠰᠤ ᠶᠢ ᠠᠳᠡ | ᠨᠡᠶᠢᠳᠡᠯᠡᠬᠦ ᠪᠠᠷ ᠲᠣᠭᠲᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠤᠲᠠᠰᠤ ᠶᠢ ᠴᠠᠭ ᠲᠤᠬᠠᠶ ᠳᠤᠨᠢ ᠬᠦᠯᠢᠶᠡᠨ ᠲᠤᠰᠴᠤ᠂ ᠠᠰᠠᠭᠤᠳᠠᠯ ᠢ | ᠦᠨᠡᠨ ᠰᠡᠳᠬᠢᠯ ᠠᠴᠠ ᠪᠠᠨ ᠰᠢᠢᠳᠪᠦᠷᠢᠯᠡᠨ᠂ ᠦᠷ᠎ᠡ ᠪᠦᠲᠦᠮᠵᠢ ᠶᠢ ᠨᠢ ᠮᠥᠷᠳᠡᠨ ᠠᠰᠠᠭᠤᠵᠤ᠂ ᠬᠦᠴᠢᠷᠳᠡᠯ ᠢ | ᠰᠢᠢᠳᠪᠦᠷᠢᠯᠡᠨ ᠪᠣᠳᠠᠲᠤ ᠶᠠᠪᠤᠳᠠᠯ ᠬᠢᠬᠦ ᠶᠢ ᠦᠨᠡᠨ ᠬᠦ ᠪᠣᠳᠠᠳᠠᠶᠢᠵᠢᠭᠤᠯᠵᠤ᠂ ᠨᠠᠩ ᠰᠢᠯᠢᠳᠡᠭ ᠬᠤᠳᠠᠯᠳᠤᠭ᠎ᠠ | ᠡᠷᠬᠢᠯᠡᠬᠦ ᠪᠠ ᠬᠥᠭᠵᠢᠯᠲᠡ ᠶᠢᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠪᠣᠯᠤᠨ᠎ᠠ᠃ ︵ᠯᠢ | ᠬᠤᠸᠠᠨ ᠢᠦᠶ᠂ ᠤᠷᠭᠤᠮᠠᠯ︶ | | | |